ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/4/16
      4 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠣᠷᠣᠯᠴᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠦᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ᠂ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠲᠦᠮᠡᠨ ᠢ ᠳᠠᠶᠢᠴᠢᠯᠠᠨ ᠢᠳᠡᠪᠬᠢᠲᠡᠶ ᠣᠷᠣᠯᠴᠠᠭᠤᠯᠵᠤ᠂ ᠠᠯᠠᠱᠠ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠳᠤ ᠬᠦᠴᠦᠨ ᠴᠢᠳᠠᠯ ᠢᠶᠠᠨ ᠡᠷᠭᠦᠵᠦ᠂ ᠦᠵᠡᠰᠬᠦᠯᠡᠩᠲᠦ ᠰᠠᠶᠢᠬᠠᠨ ᠠᠯᠠᠱᠠ ᠶᠢᠨ ᠨᠣᠭᠤᠭᠠᠷᠠᠭᠤᠯᠤᠯᠲᠠ ᠳᠤ ᠦᠩᠭᠡ ᠬᠡᠷᠡᠯ  ᠨᠡᠮᠡᠷᠢᠯᠡᠬᠦ ᠳᠤᠮᠳᠠ ᠬᠦᠮᠦᠨ ᠪᠦᠬᠦᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠣᠮᠣᠭᠰᠢᠯᠲᠤ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠶ᠃ ᠨᠣᠭᠤᠭᠠᠷᠠᠭᠤᠯᠤᠯᠲᠠ ᠶᠢᠨ ᠣᠷᠣᠨ ᠪᠦᠰᠡ ᠪᠣᠯᠤᠨ ᠮᠣᠳᠣ ᠲᠠᠷᠢᠵᠤ ᠡᠪᠡᠰᠦ ᠲᠠᠷᠢᠬᠤ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠲᠣᠬᠢᠷᠠᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠵᠡᠷᠭᠡ ᠠᠵᠢᠯ ᠢ ᠴᠢᠩᠭᠠᠳᠬᠠᠵᠤ᠂ ᠬᠢᠯᠪᠠᠷ ᠪᠤᠰᠤ ᠪᠠᠷ ᠣᠯᠤᠭᠰᠠᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠶ ᠭᠡᠪᠡ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠥᠪᠡᠷ ᠤᠨ ᠬᠥᠮᠦᠨ ᠢᠶᠠᠨ ᠪᠣᠯᠭᠠᠵᠤ᠂ ᠲᠡᠳᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠠᠵᠤ ᠠᠬᠤᠶᠢᠯᠠᠯ ᠢ ᠢᠳᠡᠪᠬᠢᠲᠡᠶ ᠬᠥᠲᠥᠯᠥᠨ ᠵᠢᠯᠣᠭᠤᠳᠴᠤ᠂ ᠠᠵᠤ ᠠᠬᠤᠶᠢᠯᠠᠯ ᠲᠠᠢ ᠬᠠᠷᠢᠯᠴᠠᠵᠤ᠂ ᠠᠵᠤ ᠠᠬᠤᠶᠢᠯᠠᠯ ᠳᠤ ᠨᠠᠩ ᠰᠠᠶᠢᠲᠤᠷ ᠦᠢᠯᠡᠴᠢᠯᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠠᠵᠢᠯ ᠢ ᠦᠷᠭᠦᠯᠵᠢᠯᠡᠨ ᠪᠣᠳᠠᠲᠠᠶ ᠠᠳᠬᠤᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠢ ᠠᠯᠠᠱᠠ ᠳᠤ ᠠᠴᠢ ᠬᠠᠷᠢᠭᠤ ᠲᠠᠢ᠂ ᠬᠦᠨᠳᠦᠳᠬᠡᠯ ᠲᠠᠢ ᠪᠣᠯᠭᠠᠬᠤ ᠬᠡᠷᠡᠭᠲᠡᠶ᠃ ᠨᠡᠩ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠦᠬᠦ ᠠᠶᠢᠮᠠᠭ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠤᠨ ᠲᠠᠲᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ︽ᠲᠤᠰᠬᠠᠢ ᠨᠠᠷᠢᠯᠢᠭ ᠣᠨᠴᠠ ᠰᠢᠨ᠎ᠡ︾ ᠪᠠ ︽ᠳᠡᠭᠡᠳᠦ ᠨᠠᠷᠢᠯᠢᠭ  ᠣᠷᠣᠶᠢᠯᠠᠭᠴᠢ︾ ᠲᠡᠶᠢᠰᠢ ᠬᠥᠭᠵᠢᠬᠦ ᠶᠢ ᠳᠡᠮᠵᠢᠵᠦ᠂ ᠨᠡᠩ ᠤᠯᠠᠨ ᠰᠢᠨ᠎ᠡ ᠴᠢᠨᠠᠷ ᠰᠠᠶᠢᠲᠠᠢ ᠦᠢᠯᠡᠳᠪᠦᠷᠢᠯᠡᠯ ᠤᠨ ᠬᠦᠴᠦᠨ ᠢ ᠴᠢᠷᠮᠠᠶᠢᠨ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠢᠭᠡᠨᠲᠡ ᠲᠣᠭᠲᠠᠭᠠᠭᠰᠠᠨ ᠲᠥᠰᠦᠯ ᠲᠠᠢ ᠬᠠᠷᠢᠴᠠᠭᠤᠯᠤᠨ ᠨᠢᠭᠡᠳ ᠨᠢᠭᠡ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠨᠡᠩ ᠤᠯᠠᠨ ᠲᠦᠷᠦ ᠶᠢᠨ ᠪᠤᠳᠤᠯᠭ᠎ᠠ ᠪᠠ ᠪᠡᠯᠡ ᠮᠥᠩᠭᠦ ᠶᠢᠨ ᠳᠡᠮᠵᠢᠯᠭᠡ ᠣᠯᠵᠤ᠂ ᠨᠡᠩ ᠤᠯᠠᠨ ᠨᠡᠶᠢᠭᠡᠮ ᠤᠨ ᠬᠦᠴᠦᠨ ᠢ ᠲᠠᠲᠠᠵᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠳᠤ ᠣᠷᠣᠯᠴᠠᠭᠤᠯᠵᠤ᠂ ᠴᠢᠬᠢ ᠮᠣᠳᠣ ᠶᠢᠨ ᠨᠥᠭᠡᠴᠡ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ᠂ ᠮᠡᠷᠭᠡᠵᠢᠯ ᠤᠨ  ᠬᠡᠷᠡᠭᠯᠡᠯᠲᠡ᠂ ᠮᠧᠬᠠᠨᠢᠭ ᠤᠨ ᠣᠷᠣᠭᠤᠯᠤᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ ᠡᠯ᠎ᠡ ᠵᠦᠢᠯ ᠤᠨ ᠠᠵᠢᠯ ᠢ ᠤᠷᠤᠭᠰᠢ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠡᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡ ᠳᠤ ᠠᠩᠬᠠᠷᠤᠯ ᠢᠶᠠᠨ ᠲᠥᠪᠯᠡᠷᠡᠭᠦᠯᠬᠦ︾ ᠴᠡᠭᠴᠡᠯᠡᠨ ᠵᠠᠰᠠᠬᠤ ᠭᠤᠣᠯᠳᠠᠯᠭ᠎ᠠ ᠲᠠᠢ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠪᠠᠶᠢᠴᠠᠭᠠᠵᠤ᠂ ᠠᠰᠠᠭᠤᠳᠠᠯ ᠢ ᠴᠢᠩᠭ᠎ᠠ ᠰᠢᠢᠳᠪᠦᠷᠢᠯᠡᠵᠦ᠂ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠲᠤ ᠰᠡᠷᠡᠮᠵᠢ ᠥᠭᠴᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号