ᠠᠯᠠᠱᠠ ᠠᠶᠢᠮᠠᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/16
    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠨᠢᠭᠡᠳᠦᠭᠡᠷ ᠲᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠨᠢ ᠪᠦᠬᠦ ᠠᠶᠢᠮᠠᠭ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠶᠢ ᠪᠠᠲᠤᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃    ᠬᠤᠶᠠᠷ᠂ ᠬᠠᠷᠠᠯᠲᠠ ᠡᠭᠦᠷᠭᠡ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠠᠷᠠᠯᠲᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠪᠦᠭᠡᠳ ᠪᠦᠲᠦᠮᠵᠢᠲᠡᠶ ᠬᠢᠬᠦ ᠪᠠᠷ ᠳᠠᠮᠵᠢᠨ ᠳᠣᠣᠷᠠᠬᠢ ᠮᠡᠲᠦ ᠠᠵᠢᠯ ᠤᠨ ᠬᠠᠷᠠᠯᠲᠠ ᠪᠣᠯᠤᠨ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ᠂ ᠪᠦᠬᠦ ᠠᠶᠢᠮᠠᠭ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠪᠣᠯᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠡᠳ᠋ ᠬᠦᠷᠦᠩᠭᠡ ᠶᠢ ᠬᠥᠳᠡᠯᠦᠩᠭᠦᠶ ᠬᠠᠮᠢᠶᠠᠷᠤᠨ᠎ᠡ︔ ᠬᠤᠶᠠᠷ ᠲᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠮᠠᠭᠠᠳᠯᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ︔ ᠭᠤᠷᠪᠠ ᠳᠤ᠂ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠶ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠬᠠᠷᠢᠯᠴᠠᠨ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ︔ ᠲᠦᠷᠪᠡ ᠳᠤ᠂ ᠲᠤᠰᠬᠠᠢ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃    ᠭᠤᠷᠪᠠ᠂ ᠨᠡᠶᠢᠳᠡᠮ ᠪᠠᠶᠢᠴᠠᠭᠠᠬᠤ ᠬᠡᠪᠴᠢᠶ᠎ᠡ ᠪᠣᠯᠤᠨ ᠠᠭᠤᠯᠭ᠎ᠠ    ᠨᠡᠶᠢᠳᠡᠮ ᠪᠠᠶᠢᠴᠠᠭᠠᠬᠤ ᠬᠡᠪᠴᠢᠶ᠎ᠡ    ᠠᠯᠠᠱᠠ ᠠᠶᠢᠮᠠᠭ ᠤᠨ ᠮᠠᠭᠠᠳᠯᠠᠨ ᠲᠣᠭᠳᠠᠭᠠᠭᠳᠠᠭᠰᠠᠨ᠂ ᠪᠦᠷᠢᠳᠬᠡᠭᠦᠯᠦᠭᠰᠡᠨ 1250 ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯ ︵ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ︶ ᠢ ᠳᠠᠬᠢᠨ ᠪᠠᠶᠢᠴᠠᠭᠠᠬᠤ ᠶᠢᠨ ᠬᠠᠮᠲᠤ᠂ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠡᠩᠰᠡᠯᠡᠨ ᠳᠡᠮᠳᠡᠭᠯᠡᠨ᠎ᠡ᠃    ᠨᠡᠶᠢᠳᠡᠮ ᠪᠠᠶᠢᠴᠠᠭᠠᠬᠤ ᠠᠭᠤᠯᠭ᠎ᠠ    ᠨᠡᠶᠢᠳᠡᠮ ᠪᠠᠶᠢᠴᠠᠭᠠᠭᠳᠠᠬᠤ ᠡᠲᠡᠭᠡᠳ ᠤᠨ ᠨᠡᠷᠡᠶᠢᠳᠦᠯ᠂ ᠣᠷᠣᠨ ᠵᠠᠶ ᠶᠢᠨ ᠬᠠᠮᠠᠭᠠᠯᠠᠯᠲᠠ ᠶᠢᠨ ᠵᠡᠷᠭᠡ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ ᠤᠨ ᠵᠢᠯ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃    ᠳᠥᠷᠪᠡ᠂ ᠴᠠᠭ ᠬᠤᠭᠤᠴᠠᠭᠠᠨ ᠤ ᠲᠣᠬᠢᠷᠠᠭᠤᠯᠤᠯᠲᠠ    ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠨᠢ 2023 ᠣᠨ ᠤ 11 ᠰᠠᠷ᠎ᠠ ᠠᠴᠠ ᠡᠬᠢᠯᠡᠨ᠂ 2026 ᠣᠨ ᠤ 6 ᠰᠠᠷ᠎ᠠ ᠳᠤ ᠳᠠᠭᠤᠰᠤᠨ᠎ᠠ᠂ ᠭᠤᠷᠪᠠᠨ ᠱᠠᠲᠤ ᠬᠤᠪᠢᠶᠠᠨ ᠶᠠᠪᠤᠭᠳᠠᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠳᠣ ᠴᠠᠭ ᠤᠨ ᠬᠢᠵᠠᠭᠠᠷ ᠪᠣᠯ 2024 ᠣᠨ ᠤ 4 ᠰᠠᠷ᠎ᠠ ᠶᠢᠨ 30 ᠤ ᠡᠳᠦᠷ ᠪᠣᠯᠤᠨ᠎ᠠ᠃    ᠨᠡᠶᠢᠳᠡᠮ ᠪᠠᠶᠢᠴᠠᠭᠠᠯᠲᠠ ᠶᠢ ᠭᠤᠷᠪᠠᠨ ᠱᠠᠲᠤ ᠬᠤᠪᠢᠶᠠᠵᠤ ᠶᠠᠪᠤᠭᠳᠠᠭᠤᠯᠤᠨ᠎ᠠ᠃    ᠨᠢᠭᠡᠳᠦᠭᠡᠷ ᠱᠠᠲᠤ᠄ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ᠂ ᠭᠤᠤᠯ ᠡᠭᠦᠷᠭᠡ ᠪᠣᠯ᠄ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠠ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠰᠢᠰᠲ᠋ᠧᠮ ᠬᠢᠭᠡᠳ ᠵᠥᠭᠡᠯᠡᠨ ᠲᠣᠨᠤᠭ ᠢ ᠦᠨᠳᠦᠰᠦᠯᠡᠨ᠂ ᠪᠣᠯᠪᠠᠰᠤᠷᠠᠯ᠂ ᠲᠤᠷᠰᠢᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠬᠤᠶᠠᠳᠤᠭᠠᠷ ᠱᠠᠲᠤ᠄ 2024 ᠣᠨ ᠤ 5 ᠰᠠᠷ᠎ᠠ — 2025 ᠣᠨ ᠤ 5 ᠰᠠᠷ᠎ᠠ ᠪᠣᠯᠲᠠᠯ᠎ᠠ᠂ ᠭᠤᠤᠯ ᠡᠭᠦᠷᠭᠡ ᠨᠢ᠄ ᠬᠤᠰᠢᠭᠤ ᠪᠠᠷ ᠦᠨᠳᠦᠰᠦᠨ ᠨᠢᠭᠡᠴᠡ ᠪᠣᠯᠭᠠᠵᠤ᠂ ᠲᠤᠬᠠᠶ ᠶᠢᠨ ᠭᠠᠵᠠᠷ ᠲᠤᠨᠢ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠬᠢᠨ᠎ᠡ᠃    ᠭᠤᠷᠪᠠᠳᠤᠭᠠᠷ ᠱᠠᠲᠤ᠄ 2025 ᠣᠨ ᠤ 6 ᠰᠠᠷ᠎ᠠ — 2026 ᠣᠨ ᠤ 3 ᠰᠠᠷ᠎ᠠ ᠪᠣᠯᠲᠠᠯ᠎ᠠ᠂ ᠭᠤᠤᠯ ᠡᠭᠦᠷᠭᠡ ᠪᠣᠯ᠄ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠲᠡᠯᠡᠵᠦ᠂ ᠪᠥᠬᠦ ᠠᠶᠢᠮᠠᠭ ᠤᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠢ ᠳᠣᠭᠳᠠᠭᠠᠵᠦ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠴᠢᠬᠤᠯᠠ ᠪᠦᠬᠦᠢ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯ ᠢ ᠬᠠᠷᠠᠭᠠᠯᠵᠠᠭᠰᠠᠨ ᠲᠠᠰ ᠪᠦᠬᠦᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠪᠠᠷ ᠴᠠᠭ ᠳᠣᠬᠠᠢ ᠳᠤᠨᠢ ᠲᠣᠬᠢᠷᠠᠭᠤᠯᠤᠨ ᠨᠡᠶᠢᠳᠡᠯᠡᠨ᠎ᠡ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠬᠦᠯᠦᠨ᠎ᠡ    ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠲᠡᠤᠬᠡ ᠰᠣᠶᠣᠯ ᠤᠨ ᠥᠪ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ ᠂ ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠶ ᠪᠠᠶᠢᠷᠢᠯᠠᠭᠤᠯᠵᠤ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠶᠢ ᠪᠠᠶᠢᠭᠤᠯᠣᠨ᠎ᠠ    ᠠᠯᠠᠱᠠ ᠠᠶᠢᠮᠠᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠠᠪᠤᠳᠠᠯ ᠢ ᠬᠢᠨᠠᠨ ᠲᠣᠭᠲᠠᠭᠠᠵᠤ᠂ ᠠᠯᠠᠱᠠ ᠠᠶᠢᠮᠠᠭ ᠤᠨ ᠵᠠᠬᠢᠷᠭ᠎ᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠭᠠᠬᠤ ᠦᠭᠡᠢ᠂ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠥᠬᠦ ᠠᠶᠢᠮᠠᠭ ᠤᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠣᠰ ᠭᠠᠵᠠᠷ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠨᠡᠶᠢᠭᠡᠮ ᠤᠨ ᠶᠠᠪᠤᠳᠠᠯ ︵ᠬᠠᠮᠢᠶᠠᠷᠬᠤ︶ ᠤᠨ ᠲᠣᠪᠴᠢᠶ᠎ᠠ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠨᠡᠶᠢᠳᠡᠮ ᠪᠠᠶᠢᠴᠠᠭᠠᠯᠲᠠ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠤᠰ ᠰᠢᠰᠲ᠋ᠧᠮ ᠤᠨ ᠢᠶᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠪᠡᠭᠴᠢ ᠶᠢ ᠢᠳᠡᠪᠬᠢᠲᠡᠢ ᠬᠠᠩᠭᠠᠵᠤ᠂ ᠲᠤᠰ ᠰᠢᠰᠲ᠋ᠧᠮ ᠤᠨ ᠢᠶᠠᠨ ᠬᠤᠯᠪᠣᠭᠳᠠᠯ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠳᠤᠮᠳᠠ ᠲᠤᠰ ᠰᠢᠰᠲ᠋ᠧᠮ ᠳᠤ ᠬᠤᠯᠪᠣᠭᠳᠠᠬᠤ ᠴᠢᠬᠤᠯᠠ ᠠᠰᠠᠭᠤᠳᠠᠯ ᠢ ᠬᠠᠪᠰᠤᠷᠤᠨ ᠰᠤᠳᠤᠯᠤᠨ ᠰᠢᠢᠳᠪᠦᠷᠢᠯᠡᠬᠦ ᠬᠡᠷᠡᠭᠲᠡᠶ᠃    ᠨᠡᠶᠢᠳᠡᠮ ᠪᠠᠶᠢᠴᠠᠭᠠᠬᠤ ᠡᠩᠨᠡᠭᠡ ᠶᠢ ᠳᠣᠭᠳᠠᠪᠣᠷᠢᠵᠢᠭᠤᠯᠣᠨ᠎ᠠ    ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠤᠷᠢᠵᠤ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠡ ᠠᠴᠠ ᠨᠥᠬᠦᠴᠡᠯ ᠳᠤ ᠨᠡᠶᠢᠴᠡᠬᠦ ᠬᠥᠮᠦᠰ ᠢ ᠵᠥᠪᠳᠡᠯᠴᠡᠵᠦ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ ᠪᠣᠯᠤᠨ᠎ᠠ᠂ ᠤᠷᠢᠵᠤ ᠬᠡᠷᠡᠭᠯᠡᠭᠰᠡᠨ ᠠᠵᠢᠯᠲᠠᠨ ᠤ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠣᠲᠣᠷ᠎ᠠ ᠠᠴᠠ ᠭᠠᠷᠭᠠᠵᠤ᠂ ᠤᠷᠢᠵᠤ ᠬᠡᠷᠡᠭᠯᠡᠭᠰᠡᠨ ᠨᠢᠭᠡᠴᠡ ᠠᠴᠠ ᠭᠠᠷᠭᠠᠵᠤ᠂ ᠤᠷᠢᠵᠤ ᠰᠢᠯᠵᠢᠭᠦᠯᠦᠭᠰᠡᠨ ᠬᠥᠮᠦᠰ ᠢ ᠵᠥᠪᠳᠡᠯᠴᠡᠵᠦ ᠪᠠᠶᠢᠭᠠᠳ ᠤᠤᠯ ᠨᠢᠭᠡᠴᠡ ᠶᠢᠨ ᠠᠵᠢᠯ ᠤᠨ ᠪᠠᠶᠢᠷᠢ ᠶᠢ ᠨᠢ ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠨᠢ ᠪᠠᠭᠤᠷᠠᠭᠤᠯᠬᠤ ᠦᠭᠡᠶ᠃ ᠣᠷᠣᠨ ᠨᠤᠲᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠰᠤᠷᠤᠭᠴᠢ  ᠶᠢ ᠲᠡᠦᠬᠡ  ᠶᠢᠨ ᠳᠤᠷᠠᠰᠬᠠᠯᠲᠤ ᠵᠦᠢᠯᠡᠰ  ᠤᠨ ᠨᠡᠶᠢᠳᠡᠮ ᠪᠠᠶᠢᠴᠠᠭᠠᠯᠲᠠ  ᠳᠤ ᠣᠷᠣᠯᠴᠠᠭᠤᠯᠬᠤ  ᠶᠢᠨ ᠬᠠᠮᠲᠤ  ᠵᠢᠭᠠᠨ  ᠰᠤᠷᠭᠠᠬᠤ ᠳᠠᠳᠤᠯᠭ᠎ᠠ  ᠬᠢᠬᠦ ᠬᠢᠴᠢᠶᠡᠯ ᠪᠣᠯᠭᠠᠵᠤ ᠪᠣᠯᠤᠨ᠎ᠠ᠃    ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠤᠨ᠎ᠠ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ᠶᠣᠰᠣᠭᠠᠷ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠵᠦᠶ ᠵᠣᠬᠢᠰᠲᠠᠶ ᠲᠥᠰᠦᠭᠡᠯᠡᠨ ᠪᠤᠳᠤᠵᠤ᠂ ᠣᠨ ᠢᠶᠠᠷ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂ ᠴᠠᠭ ᠲᠤᠬᠠᠢ ᠳᠤᠨᠢ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠳᠣᠯᠠᠬᠤ ᠬᠡᠷᠡᠭᠳᠡᠢ᠃    ᠨᠡᠶᠢᠳᠡᠮ ᠪᠠᠶᠢᠴᠠᠭᠠᠯᠲᠠ ᠶᠢ ᠰᠠᠶᠢᠲᠤᠷ ᠬᠠᠮᠢᠶᠠᠷᠣᠨ᠎ᠠ    ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠱᠠᠲᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠰᠢᠭᠤᠳ ᠬᠠᠷᠢᠭᠤᠴᠠᠯᠭ᠎ᠠ ᠡᠭᠦᠷᠭᠡᠯᠡᠨ᠎ᠡ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠲᠣᠭᠲᠠᠴᠠ ᠶᠢ ᠪᠠᠶᠢᠭᠤᠯᠵᠤ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠠᠴᠠ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠬᠠᠷᠢᠭᠤᠴᠠᠨ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠵᠢᠯᠣᠭᠤᠳᠤᠨ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠬᠡᠷᠡᠭ ᠤᠨ ᠡᠮᠦᠨ᠎ᠡ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠡᠯ᠎ᠡ ᠵᠦᠢᠯ ᠤᠨ ᠵᠣᠷᠢᠭᠤᠳᠠ ᠭᠠᠷ ᠲᠦᠷᠦᠭᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃    ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ    ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠵᠢᠴᠢ ᠬᠤᠪᠢ ᠬᠥᠮᠦᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠶ᠂ ᠬᠤᠳᠠᠯ ᠢᠶᠠᠷ ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠶᠢ ᠳᠡᠪᠴᠢᠬᠦ᠂ ᠤᠳᠠᠭᠠᠰᠢᠷᠠᠭᠤᠯᠤᠨ ᠮᠡᠳᠡᠬᠦᠯᠬᠦ ᠵᠡᠷᠭᠡ ᠪᠠᠶᠢᠳᠠᠯ ᠢ ᠡᠷᠡᠰ ᠬᠤᠷᠢᠭᠯᠠᠨ᠎ᠠ᠃ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠪᠠ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠵᠤ᠂ ᠦᠭᠡᠷᠡᠴᠢᠯᠡᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠣᠰᠣᠭᠠᠷ ᠰᠢᠢᠳᠪᠦᠷᠢᠯᠡᠬᠦ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠤᠨ ᠮᠠᠲ᠋ᠧᠷᠢᠶᠠᠯ ᠢ ᠲᠣᠬᠢᠲᠠᠶ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠤᠯᠤᠰ ᠤᠨ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠶ᠂ ᠬᠡᠷᠪᠡ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤᠮᠳᠠ᠂ ᠬᠡᠷᠪᠡ ᠵᠣᠷᠢᠭᠤᠳᠠ ᠡᠪᠳᠡᠬᠦ᠂ ᠬᠢᠨᠠᠯᠲᠠ ᠬᠠᠮᠢᠶᠠᠷᠤᠯᠲᠠ ᠰᠤᠯᠠ ᠪᠠᠶᠢᠬᠤ ᠵᠡᠷᠭᠡ ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠡᠪᠳᠡᠭᠳᠡᠭᠰᠡᠨ᠂ ᠬᠦᠴᠦᠨ ᠦᠭᠡᠢ  ᠪᠣᠯᠣᠭᠰᠠᠨ᠂ ᠤᠰᠠᠳᠴᠤ ᠭᠡᠭᠡᠭᠳᠡᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠨ᠎ᠠ᠃           
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号