ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2024/4/17
    4 ᠰᠠᠷ᠎ᠠ ᠶᠢᠨ 16 ᠤ ᠡᠳᠦᠷ ᠬᠡᠪᠯᠡᠭᠳᠡᠭᠰᠡᠨ 8 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 8 ᠰᠠᠷ᠎ᠠ ᠠᠴᠠ 2023 ᠣᠨ ᠤ 9 ᠰᠠᠷ᠎ᠠ ᠪᠣᠯᠲᠠᠯᠠᠬᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠤᠨ᠎ᠠ᠃    ᠵᠣᠬᠢᠶᠠᠯ ᠳᠤ᠂ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ᠂ ᠶᠡᠷᠦ ᠠᠴᠠ ᠲᠠᠰᠤᠯᠳᠠᠭᠰᠠᠨ ᠦᠭᠡᠢ ᠪᠠᠶᠢᠵᠤ᠂ ᠮᠠᠨ ᠤ ᠠᠭᠤᠤ ᠶᠡᠭᠡ ᠦᠨᠳᠦᠰᠦᠲᠡᠨ ᠢ ᠴᠣᠭᠴᠠᠯᠠᠭᠰᠠᠨ ᠶᠤᠮ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠳᠤᠮᠳᠠᠳᠤ ᠶᠢᠨ ᠦᠨᠳᠦᠰᠦᠲᠡᠨ ᠤ ᠭᠧᠨ ᠪᠠ ᠤᠳᠤᠮᠰᠢᠯ ᠢ ᠠᠴᠢᠶᠠᠯᠠᠵᠤ᠂ ᠲᠠᠬᠢᠨ ᠡᠭᠦᠰᠴᠦ ᠪᠣᠯᠤᠰᠢ ᠦᠭᠡᠢ᠂ ᠣᠷᠣᠯᠠᠭᠤᠯᠵᠤ ᠪᠣᠯᠤᠰᠢ ᠦᠭᠡᠢ ᠳᠤᠮᠳᠠᠳᠤ ᠶᠢᠨ ᠰᠢᠯᠢᠳᠡᠭ ᠪᠣᠯᠪᠠᠰᠤᠨ ᠤ ᠡᠬᠢ ᠪᠠᠶᠠᠯᠢᠭ ᠮᠥᠨ᠃ ᠮᠠᠨ ᠤ ᠡᠨᠡ ᠦᠶ᠎ᠡ ᠶᠢᠨ ᠬᠥᠮᠦᠨ ᠳᠤ ᠬᠠᠷᠢᠶᠠᠯᠠᠭᠳᠠᠬᠤ ᠪᠠᠷ ᠪᠠᠷᠠᠬᠤ ᠦᠭᠡᠢ᠂ ᠪᠠᠰᠠ ᠦᠷ᠎ᠡ ᠬᠤᠶᠢᠴᠢᠰ ᠲᠤ ᠬᠠᠷᠢᠶᠠᠯᠠᠭᠳᠠᠨ᠎ᠠ᠃ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠦᠷᠳᠡᠭ ᠢᠶᠠᠨ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠵᠣᠬᠢᠶᠠᠯ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠶᠠᠷᠢᠭᠤᠯᠵᠤ᠂ ᠲᠡᠦᠬᠡ ᠪᠠᠷ ᠶᠠᠷᠢᠭᠤᠯᠵᠤ᠂ ᠰᠣᠶᠣᠯ ᠢᠶᠠᠷ ᠶᠠᠷᠢᠭᠤᠯᠬᠤ ᠬᠡᠷᠡᠭᠲᠡᠢ᠃ ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠢ ᠰᠢᠰᠲ᠋ᠧᠮ ᠲᠠᠢ ᠡᠮᠬᠢᠯᠡᠵᠦ᠂ ᠬᠠᠭᠠᠨ ᠸᠠᠩ ᠤᠨ ᠣᠷᠳᠣᠨ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ᠂ ᠥᠷᠭᠡᠨ ᠠᠭᠤᠳᠠᠮ ᠡᠬᠡ ᠭᠠᠵᠠᠷ ᠲᠤ ᠳᠡᠯᠭᠡᠭᠳᠡᠵᠦ ᠪᠠᠶᠢᠭ᠎ᠠ ᠥᠪ ᠬᠥᠷᠥᠩᠭᠡ᠂ ᠡᠷᠲᠡᠨ ᠤ ᠨᠣᠮ ᠪᠢᠴᠢᠭ ᠲᠤ ᠪᠢᠴᠢᠭᠳᠡᠭᠰᠡᠨ ᠥᠰᠥᠭ ᠪᠢᠴᠢᠭ ᠢ ᠴᠥᠮ ᠠᠮᠢᠯᠠᠭᠤᠯᠬᠤ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠤᠳᠤᠯᠤᠨ ᠲᠠᠶᠢᠯᠪᠤᠷᠢᠯᠠᠬᠤ ᠪᠠ ᠳᠡᠯᠭᠡᠨ ᠦᠵᠡᠭᠦᠯᠵᠦ ᠤᠯᠠᠮᠵᠢᠯᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠨᠤᠲᠤᠭ ᠤᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠢ ᠠᠭᠤᠳᠠᠯᠤᠨ᠂ ᠵᠠᠯᠭᠠᠮᠵᠢᠯᠠᠵᠤ᠂ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠳᠤ ᠮᠠᠨ ᠤ ᠤᠯᠤᠰ ᠤᠨ ᠥᠨᠢ ᠤᠳᠠᠭᠠᠨ ᠲᠡᠦᠬᠡ ᠲᠠᠢ ᠲᠠᠷᠢᠶᠠᠯᠠᠭ᠎ᠠ ᠶᠢᠨ ᠪᠣᠯᠪᠠᠰᠤᠨ ᠤ ᠷᠢᠳᠢ ᠰᠢᠳᠢ ᠪᠣᠯᠤᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠤᠯᠤᠰ ᠤᠨ ᠤᠬᠢ ᠰᠢᠯᠢᠳᠡᠭ ᠵᠦᠢᠯ ᠢ ᠤᠯᠠᠮᠵᠢᠯᠠᠨ ᠵᠠᠯᠭᠠᠮᠵᠢᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠶᠢ ᠳᠡᠮᠵᠢᠬᠦ ᠪᠠ ᠲᠡᠳᠬᠦᠬᠦ ᠪᠠᠨ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠲᠡᠦᠬᠡ ᠰᠣᠶᠣᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠡᠷᠡᠭᠳᠡᠢ᠃ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠬᠤᠪᠢᠰᠬᠠᠯᠳᠤ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠬᠦ ᠬᠡᠷᠡᠭᠲᠡᠢ᠃ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠪᠣᠯᠪᠠᠰᠤᠨ ᠢ ᠨᠡᠩ ᠰᠠᠶᠢᠨ ᠲᠠᠨᠢᠨ ᠮᠡᠳᠡᠷᠡᠭᠦᠯᠵᠦ᠂ ᠳᠤᠮᠳᠠᠳᠤ ᠤᠯᠤᠰ ᠤᠨ ᠬᠥᠮᠦᠨ ᠪᠣᠯᠬᠤ ᠵᠣᠷᠢᠭ᠂ ᠰᠥᠰᠥ᠂ ᠢᠲᠡᠭᠡᠯ ᠢ ᠨᠡᠮᠡᠭᠳᠡᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠳᠡᠯᠡᠬᠡᠢ ᠵᠢᠷᠲᠢᠨᠴᠦ ᠪᠠᠶᠠᠯᠢᠭ ᠰᠠᠶᠢᠬᠠᠨ ᠪᠣᠯᠪᠠᠰᠤᠨ ᠢᠶᠠᠷ ᠪᠦᠷᠢᠯᠳᠦᠵᠦ᠂ ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠡᠷᠲᠡᠨ ᠤ ᠲᠡᠦᠬᠡ ᠪᠠ ᠰᠣᠶᠣᠯ ᠲᠠᠢ ᠤᠯᠤᠰ ᠤᠨ ᠨᠢᠭᠡ ᠪᠣᠯᠤᠨ᠎ᠠ᠃ ᠳᠤᠮᠳᠠᠳᠤ ᠶᠢᠨ ᠪᠣᠯᠪᠠᠰᠤᠨ ᠶᠡᠷᠦ ᠠᠴᠠ ᠠᠳᠠᠯᠢ ᠪᠤᠰᠤ ᠪᠣᠯᠪᠠᠰᠤᠨ ᠤ ᠬᠤᠭᠤᠷᠣᠨᠳᠣᠬᠢ ᠣᠶᠢᠯᠠᠭᠠᠯᠴᠠᠭ᠎ᠠ ᠪᠠ ᠬᠦᠨᠳᠦᠳᠭᠡᠯ ᠢ ᠮᠠᠭᠲᠠᠨ ᠰᠠᠶᠢᠰᠢᠶᠠᠳᠠᠭ᠃ ᠪᠦᠬᠦ ᠪᠥᠮᠪᠥᠷᠴᠡᠭ ᠤᠨ ᠡᠯ᠎ᠡ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ᠂ ᠰᠣᠶᠣᠯ ᠤᠨ ᠥᠪ ᠤᠨ ᠬᠠᠮᠠᠭᠠᠯᠠᠯᠲᠠ᠂ ᠪᠣᠯᠪᠠᠰᠤᠨ ᠤ ᠰᠣᠯᠢᠯᠴᠠᠭ᠎ᠠ ᠲᠤᠯᠢᠳᠠᠯ ᠢ ᠬᠠᠮᠲᠤ ᠪᠠᠷ ᠠᠬᠢᠭᠤᠯᠵᠤ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠭᠦᠨ ᠵᠤᠵᠠᠭᠠᠨ ᠥᠨᠢ ᠤᠳᠠᠭᠠᠨ ᠰᠣᠶᠣᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号