ᠰᠦᠨ ᠱᠤᠤ ᠴᠧᠩ ᠸᠠᠩ ᠯᠢ ᠰᠢᠶᠠ ᠲᠥᠪ ᠤᠨ ᠨᠡᠶᠢᠭᠡᠮ ᠤᠨ ᠠᠵᠢᠯ ᠤᠨ ᠬᠡᠯᠳᠡᠰ ᠤᠨ ᠳᠠᠷᠤᠭ᠎ᠠ ᠦ᠋ ᠬᠠᠨ ᠱᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/17
    4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠲᠥᠪ ᠤᠨ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠦ᠋ ᠬᠠᠨ ᠱᠧᠩ ᠲᠠᠢ ᠠᠭᠤᠯᠵᠠᠪᠠ᠃    ᠰᠦᠨ ᠱᠤᠤ ᠴᠧᠩ ᠦ᠋ ᠬᠠᠨ ᠱᠧᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠲᠥᠪ ᠤᠨ ᠨᠡᠶᠢᠭᠡᠮ ᠤᠨ ᠠᠵᠢᠯ ᠤᠨ ᠬᠡᠯᠲᠡᠰ ᠤᠨ ᠥᠪᠥᠷ ᠮᠣᠩᠭᠤᠯ ᠳᠤ ᠥᠭᠭᠦᠭᠰᠡᠨ ᠵᠢᠯᠤᠭᠤᠳᠤᠯᠭ᠎ᠠ ᠪᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠨᠢᠳᠤᠨᠤᠨ ᠠᠴᠠ ᠨᠠᠭᠠᠰᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠵᠢᠭᠠᠪᠦᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠪᠥᠬᠦ ᠣᠷᠣᠨ ᠳᠤ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠲᠦᠷᠢᠮ ᠢ ᠶᠡᠭᠡ ᠪᠠᠷ ᠬᠡᠷᠡᠭᠵᠢᠭᠦᠯᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠨ ᠱᠠᠲᠤᠨ ᠳᠤ ᠫᠠᠶᠢᠰᠠ ᠡᠯᠭᠦᠭᠰᠡᠨ ᠨᠢ ᠣᠯᠠᠨ᠂ ︽ᠤᠨᠠᠭ᠎ᠠ ᠶᠡᠭᠡ ᠲᠡᠷᠭᠡ ᠴᠢᠩᠭᠠᠭᠠᠬᠤ︾ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡ ᠪᠠᠲᠤᠯᠠᠭ᠎ᠠ ᠪᠠ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠡᠯ᠎ᠡ ᠲᠠᠯ᠎ᠠ ᠪᠠᠷ ᠴᠥᠮ ᠢᠳᠡᠪᠬᠢᠲᠡᠶ ᠦᠷ᠎ᠡ ᠪᠦᠲᠦᠮᠵᠢ ᠤᠯᠪᠠ᠃ ᠨᠡᠶᠢᠭᠡᠮ ᠤᠨ ᠠᠵᠢᠯ ᠤᠨ ᠬᠡᠯᠲᠡᠰ ᠨᠢᠭᠡᠳᠦᠯᠲᠡᠶ ᠲᠥᠯᠥᠪᠵᠢᠭᠦᠯᠦᠨ ᠵᠢᠯᠣᠭᠤᠳᠬᠤ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠠᠬᠢᠭᠤᠯᠬᠤ ᠪᠠ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠡᠷᠭᠡ ᠴᠢᠬᠤᠯᠠ ᠡᠭᠦᠷᠭᠡ ᠴᠢᠳᠠᠪᠬᠢ ᠶᠢ ᠡᠭᠦᠷᠭᠡᠯᠡᠵᠦ᠂ ᠠᠵᠢᠯ ᠤᠨ ᠬᠦᠷᠢᠶ᠎ᠡ ᠥᠷᠭᠡᠨ᠂ ᠲᠤᠰᠢᠶᠠᠯ ᠬᠠᠷᠢᠭᠤᠴᠠᠯᠭ᠎ᠠ ᠶᠢᠨ ᠬᠦᠷᠢᠶ᠎ᠡ ᠥᠷᠭᠡᠨ ᠪᠠᠶᠢᠳᠠᠭ᠂ ᠲᠥᠪ ᠤᠨ ᠨᠡᠶᠢᠭᠡᠮ ᠤᠨ ᠠᠵᠢᠯ ᠤᠨ ᠬᠡᠯᠲᠡᠰ ᠠᠴᠠ ᠥᠪᠥᠷ ᠮᠣᠩᠭᠤᠯ ᠳᠤ ᠨᠠᠩ ᠣᠯᠠᠨ ᠵᠢᠯᠣᠭᠤᠳᠣᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ ᠢ ᠬᠠᠪᠰᠤᠷᠤᠨ ᠤᠴᠢᠷ ᠶᠠᠪᠤᠳᠠᠯ ᠢ ᠨᠠᠩ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠡᠢ᠃    ᠡᠣ ᠬᠠᠨ ᠱᠧᠩ᠂ ᠥᠪᠥᠷ ᠮᠣᠩᠭᠤᠯ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠨᠠᠮ ᠤᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠪᠣᠯᠤᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠢᠯᠠᠩᠭᠤᠶ᠎ᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠮᠠᠰᠢ ᠤᠯᠠᠨ ᠰᠠᠶᠢᠨ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠪᠡ᠃ ᠲᠥᠪ ᠤᠨ ᠨᠡᠶᠢᠭᠡᠮ ᠤᠨ ᠠᠵᠢᠯ ᠤᠨ ᠬᠡᠯᠲᠡᠰ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ᠂ ᠥᠪᠥᠷ ᠮᠣᠩᠭᠤᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ᠭᠡᠵᠡᠢ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ ᠢᠦᠢ ᠭᠠᠩ᠂ ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号