ᠪᠦᠬᠦ ᠣᠷᠣᠨ ᠤ ᠶᠠᠰᠤ ᠴᠢᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/17
    4 ᠰᠠᠷ᠎ᠠ ᠶᠢᠨ 15 ᠤ ᠡᠳᠦᠷ᠂ ᠪᠦᠬᠦ ᠣᠷᠣᠨ ᠤ ᠶᠠᠰᠤ ᠴᠢᠨᠠᠷ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠰᠤ ᠴᠢᠨᠠᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃    ᠸᠠᠩ ᠯᠢ ᠰᠢᠶᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠶᠠᠰᠤ ᠴᠢᠨᠠᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠭᠡᠵᠦ᠂ ︽ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨ ᠪᠣᠳᠠᠲᠠᠢ ᠬᠢᠬᠦ ᠬᠡᠷᠡᠭᠲᠡᠢ᠃ ᠠᠵᠤ ᠦᠢᠯᠡᠰ ᠢ ᠬᠥᠭᠵᠢᠬᠦᠯᠬᠦ ᠶᠢᠨ ᠲᠣᠭᠤᠷᠢᠨ ᠳᠤ ᠦᠢᠯᠡᠳᠬᠦ ᠦᠢᠯᠡᠰ᠂ ᠮᠠᠯ ᠠᠵᠤ ᠠᠬᠤᠢ ᠲᠠᠷᠢᠶᠠᠯᠠᠩ᠂ ᠦᠢᠯᠡᠴᠢᠯᠡᠭᠡᠨ ᠤ ᠦᠢᠯᠡᠰ᠂ ᠪᠠᠷᠢᠯᠭ᠎ᠠ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠤᠣᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ ᠶᠠᠰᠤ ᠴᠢᠨᠠᠷ ᠢᠶᠠᠷ ᠬᠡᠯᠬᠢᠶ᠎ᠡ ᠶᠢ ᠬᠦᠴᠦᠷᠬᠡᠭᠵᠢᠭᠦᠯᠬᠦ ᠶᠢ ᠶᠡᠭᠡ ᠪᠠᠷ ᠠᠬᠢᠭᠤᠯᠵᠤ᠂ ᠮᠠᠨ ᠤ ᠣᠷᠣᠨ ᠤ ᠠᠵᠤ ᠦᠢᠯᠡᠰ ᠤᠨ ᠦᠷᠢᠰᠦᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠲᠦᠷᠦᠯ ᠲᠡᠮᠳᠡᠭ ᠢ ᠡᠭᠦᠳᠬᠦ᠂ ᠰᠠᠭᠤᠷᠢ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠭᠤᠣᠯ ᠴᠣᠭᠴᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠰᠠᠶᠢᠲᠤᠷ ᠠᠳᠬᠤᠵᠤ ᠂ ᠢᠯᠠᠩᠭᠤᠶ᠎ᠠ ᠨᠢᠭᠡ ᠪᠦᠯᠦᠭ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠦᠢᠯᠡᠰ ᠤᠨ ᠬᠡᠮᠵᠢᠯᠲᠡ ᠶᠢᠨ ᠰᠢᠯᠭᠠᠯᠲᠠ ᠶᠢᠨ ᠲᠥᠪ᠂ ᠦᠢᠯᠡᠳᠬᠦᠨ ᠤ ᠢᠨᠵᠧᠨᠧᠷᠢᠩ ᠤᠨ ᠰᠢᠯᠭᠠᠨ ᠪᠠᠶᠢᠴᠠᠭᠠᠬᠤ ᠲᠥᠪ ᠵᠡᠷᠭᠡ ᠲᠠᠪᠴᠠᠩ ᠤᠨ ᠠᠴᠢᠶᠠᠯᠠᠪᠤᠷᠢ ᠶᠢ ᠲᠦᠷᠭᠡᠳᠭᠡᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠶᠠᠰᠤ ᠴᠢᠨᠠᠷ ᠤᠨ ᠲᠤᠬᠠᠢ ᠬᠦᠷᠲᠡᠮᠵᠢ ᠶᠢᠨ ᠲᠦᠷᠦᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠢᠭᠡ ᠪᠦᠯᠦᠭ ᠪᠣᠳᠠᠲᠠᠶ ᠶᠢ ᠡᠷᠬᠢᠮᠯᠡᠭᠰᠡᠨ ᠪᠦᠳᠦᠮᠵᠢᠲᠡᠶ ᠶᠠᠰᠤ ᠴᠢᠨᠠᠷ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠦᠷᠭᠡᠳᠭᠡᠨ ᠲᠣᠭᠲᠠᠭᠠᠵᠤ᠂ ᠰᠢᠨ᠎ᠡ ᠨᠢᠭᠡ ᠡᠭᠡᠯᠵᠢ ᠶᠢᠨ ᠲᠣᠮᠣ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠨᠢᠭᠡ ᠪᠦᠯᠦᠭ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢᠶᠠᠷ ᠶᠡᠭᠡ ᠬᠠᠭᠤᠴᠢᠨ ᠲᠣᠨᠣᠭᠯᠠᠯ ᠢ ᠠᠯᠪᠠᠲᠠᠨ ᠰᠢᠭᠰᠢᠭᠳᠡᠭᠦᠯᠵᠦ᠂ ᠶᠠᠰᠤ ᠴᠢᠨᠠᠷ ᠤᠨ ᠰᠠᠷ᠎ᠠ᠂ ᠲᠥᠷᠥᠯ ᠲᠡᠮᠳᠡᠭ ᠤᠨ ᠡᠳᠦᠷ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠨᠠᠩ ᠥᠨᠳᠥᠷ ᠲᠦᠪᠰᠢᠨ ᠳᠤ ᠬᠦᠷᠬᠦ ᠶᠢ ᠠᠬᠢᠭᠤᠯᠬᠤ ᠬᠡᠷᠡᠭᠲᠡᠶ ᠭᠡᠵᠡᠢ᠃    ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ 2023 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠭᠥᠷᠳᠡᠭᠰᠡᠨ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠵᠤ᠂ ᠪᠤᠭᠤᠲᠤ ᠬᠤᠲᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠯᠤᠨ ᠵᠢᠩ ᠰᠧ ᠲᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ ᠤᠨ ᠺᠣᠮᠫᠠᠨᠢ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠥᠪᠥᠷ ᠮᠣᠩᠭᠤᠯ ᠤᠨ ᠢᠯᠢ ᠪᠦᠯᠦᠭᠯᠡᠯ ᠶᠠᠰᠤ ᠴᠢᠨᠠᠷ ᠤᠨ ᠰᠠᠨᠠᠭᠠᠴᠢᠯᠠᠭ᠎ᠠ ᠭᠠᠷᠭᠠᠪᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号