ᠸᠠᠩ ᠯᠢ ᠰᠢᠶᠠ ᠲᠤᠯᠠᠭᠠᠯᠠᠭ᠎ᠠ ᠶᠢᠨ ᠢᠨᠵᠧᠨᠧᠷᠢᠩ ᠤᠨ ᠠᠵᠢᠯ ᠡᠬᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/17
    4 ᠰᠠᠷ᠎ᠠ ᠶᠢᠨ 15 ᠤ ᠡᠳᠦᠷ᠂ ᠬᠥᠬᠡᠬᠤᠲᠠ ᠶᠢᠨ ᠳᠤᠯᠠᠭᠠᠯᠠᠭ᠎ᠠ ᠵᠣᠭᠰᠣᠭᠰᠠᠨ ᠡᠳᠦᠷ᠂ ᠸᠠᠩ ᠯᠢ ᠰᠢᠶᠠ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠦ᠂ ᠨᠡᠶᠢᠭᠡᠮ ᠲᠣᠭᠤᠷᠢᠭ ᠢᠶᠠᠷ ᠲᠣᠭᠤᠷᠢᠨ ᠦᠵᠡᠵᠦ᠂ ᠲᠤᠯᠠᠭᠠᠯᠠᠭ᠎ᠠ ᠶᠢᠨ ᠢᠨᠵᠧᠨᠧᠷᠢᠩ ᠤᠨ ᠪᠠᠷᠢᠯᠭ᠎ᠠ ᠡᠬᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠢᠶᠠᠷ ᠨᠢ ᠣᠶᠢᠯᠠᠭᠠᠪᠠ᠃ ᠲᠡᠷᠡ᠂ ᠲᠤᠯᠠᠭᠠᠯᠠᠭ᠎ᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠂ ᠣᠯᠠᠨ ᠲᠦᠮᠡᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠡᠷᠬᠡᠪᠰᠢ ᠦᠭᠡᠷᠡᠴᠢᠯᠡᠨ ᠰᠢᠨᠡᠳᠭᠡᠬᠦ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠦᠨᠡᠨ ᠬᠦ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠶ ᠭᠡᠵᠤ ᠴᠢᠬᠤᠯᠠᠴᠢᠯᠠᠵᠠᠢ᠃    ᠳ᠋ᠠ ᠲᠠᠩ ᠺᠤᠮᠫᠠᠨᠢ ᠶᠢᠨ ᠢᠯᠴᠢ ᠡᠭᠦᠰᠭᠡᠭᠴᠢ ᠶᠢ ᠬᠥᠬᠡᠬᠤᠲᠠ ᠳᠤ ᠣᠷᠣᠭᠤᠯᠬᠤ ᠢᠨᠵᠧᠨᠧᠷᠢᠩ ᠤᠨ ᠪᠠᠨᠳᠢ ᠶᠢᠨ ᠠᠶᠢᠯ ᠳᠠᠬᠢ ᠢᠯᠴᠢ ᠲᠤᠰᠠᠭᠠᠷᠯᠠᠬᠤ ᠥᠷᠲᠡᠭᠡ ᠶᠢ ᠶᠠᠭ ᠥᠭᠡᠷᠡᠴᠢᠯᠡᠨ ᠰᠢᠨᠡᠳᠭᠡᠵᠤ ᠪᠣᠶ᠂ ᠸᠠᠩ ᠯᠢ ᠰᠢᠶᠠ ᠦᠢᠯᠡᠳᠪᠦᠷᠢ ᠶᠢᠨ ᠲᠠᠰᠤᠭ ᠲᠤ ᠣᠷᠣᠵᠤ᠂ ᠲᠤᠯᠠᠭᠠᠯᠠᠭ᠎ᠠ ᠶᠢᠨ ᠢᠨᠵᠧᠨᠧᠷᠢᠩ ᠤᠨ ᠢᠯᠴᠢ ᠡᠭᠦᠰᠭᠡᠭᠴᠢ᠂ ᠢᠯᠴᠢ ᠬᠠᠩᠭᠠᠬᠤ ᠲᠤᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠪᠣᠯᠤᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠣᠶᠤᠨᠴᠢ ᠢᠯᠴᠢ ᠬᠠᠩᠭᠠᠯᠭ᠎ᠠ ᠶᠢᠨ ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠲᠠᠪᠴᠠᠩ ᠳᠤ᠂ ᠲᠡᠷᠡ ᠢᠯᠴᠢ ᠬᠠᠩᠭᠠᠯᠭ᠎ᠠ ᠶᠢᠨ ᠰᠢᠰᠲ᠋ᠧᠮ ᠤᠨ ᠤᠶᠤᠨᠴᠢᠯᠠᠬᠰᠠᠨ ᠲᠦᠪᠰᠢᠨ ᠢ ᠳᠡᠭᠡᠭᠰᠢᠯᠡᠭᠦᠯᠵᠦ᠂ 12345 ᠬᠠᠯᠠᠮᠰᠢᠯ ᠤᠲᠠᠰᠤ ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠢᠯᠴᠢ ᠬᠠᠩᠭᠠᠬᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠢᠯᠴᠢ ᠶᠢ ᠰᠠᠶᠢᠲᠤᠷ ᠬᠠᠩᠭᠠᠬᠤ ᠬᠡᠷᠡᠭᠲᠡᠢ᠃ ᠲᠤᠬᠠᠶ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ ᠡᠷᠦᠬᠡ ᠬᠤᠪᠢᠶᠠᠨ ᠢᠯᠴᠢ ᠬᠠᠩᠭᠠᠬᠤ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠬᠡᠷᠡᠭᠯᠡᠭᠴᠢᠳ ᠤᠨ ᠠᠳᠠᠯᠢ ᠪᠤᠰᠤ ᠬᠡᠷᠡᠭᠴᠡᠭᠡ ᠶᠢ ᠬᠠᠩᠭᠠᠬᠤ ᠬᠡᠷᠡᠭᠲᠡᠶ ᠭᠡᠵᠤ ᠵᠠᠬᠢᠪᠠ᠃    ᠲᠢᠶᠠᠨ ᠢᠦᠢ ᠰᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠨ ᠰᠢᠨᠡᠳᠭᠡᠬᠦ ᠠᠵᠢᠯ ᠨᠢᠭᠡᠨᠲᠡ ᠡᠬᠢᠯᠡᠪᠡ᠃ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠦᠷᠴᠦ ᠳᠠᠮᠵᠢᠭᠤᠯᠬᠤ ᠬᠤᠭᠤᠯᠠᠢ ᠶᠢ ᠳᠡᠪᠢᠰᠴᠤ ᠪᠠᠶᠢᠭ᠎ᠠ ᠠᠬᠢᠴᠠ ᠶᠢ ᠪᠠᠶᠢᠴᠠᠭᠠᠨ ᠦᠵᠡᠵᠦ᠂ ᠳᠠᠮᠵᠢᠭᠤᠯᠬᠤ ᠬᠤᠭᠤᠯᠠᠢ ᠶᠢᠨ ᠮᠠᠲ᠋ᠧᠷᠢᠶᠠᠯ ᠤᠨ ᠶᠠᠰᠤ ᠴᠢᠨᠠᠷ ᠢ ᠣᠶᠢᠯᠠᠭᠠᠵᠤ᠂ ᠥᠭᠡᠷᠡᠴᠢᠯᠡᠨ ᠰᠢᠨᠡᠳᠭᠡᠭᠰᠡᠨ ᠤ ᠲᠠᠷᠠᠭ᠎ᠠ ᠭᠡᠷ ᠤᠨ ᠳᠤᠯᠠᠭᠠᠨ ᠤ ᠬᠡᠮᠵᠢᠶ᠎ᠠ ᠬᠡᠳᠦᠢ ᠳᠤ ᠬᠦᠷᠬᠦ ᠶᠢ ᠠᠰᠠᠭᠤᠪᠠ᠃ ᠲᠡᠷᠡ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ᠂ ᠥᠩᠭᠡᠷᠡᠭᠰᠡᠨ ᠵᠢᠯ ᠤᠳ ᠤᠨ ᠳᠤᠯᠠᠭᠠᠯᠠᠭ᠎ᠠ ᠶᠢᠨ ᠪᠠᠶᠢᠳᠠᠯ ᠪᠣᠯᠤᠨ ᠥᠭᠡᠷᠡᠴᠢᠯᠡᠨ ᠰᠢᠨᠡᠳᠭᠡᠬᠦ ᠠᠵᠢᠯ ᠨᠢ ᠠᠮᠢᠳᠤᠷᠠᠯ ᠳᠤ ᠦᠵᠡᠭᠦᠯᠬᠦ ᠨᠥᠯᠥᠭᠡ ᠶᠢ ᠯᠠᠪᠯᠠᠨ ᠠᠰᠠᠭᠤᠪᠠ᠃ ᠲᠡᠷᠡ ᠬᠤᠯᠪᠣᠭᠳᠠᠯ ᠪᠥᠬᠦᠶ ᠬᠠᠷᠢᠭᠤᠴᠠᠯᠭᠠᠲᠠᠨ ᠳᠤ᠂ ᠣᠷᠣᠨ ᠤ ᠲᠥᠪ ᠬᠤᠳᠠ ᠲᠤᠯᠠᠭᠠᠯᠠᠭ᠎ᠠ ᠶᠢᠨ ᠢᠨᠵᠧᠨᠧᠷᠢᠩ ᠳᠤ ᠥᠯᠢᠭᠡᠷ ᠳᠠᠭᠤᠷᠢᠶᠠᠯ ᠪᠣᠯᠵᠣ᠂ ᠨᠢᠭᠡ ᠰᠠᠭᠤᠭᠠᠯᠢ ᠠᠷᠠᠳ ᠤᠨ ᠲᠣᠭᠤᠷᠢᠭ ᠲᠤ ᠨᠢᠭᠡ ᠲᠥᠰᠦᠯ ᠭᠠᠷᠭᠠᠵᠤ᠂ ᠦᠨᠡᠨ ᠠᠴᠠ ᠵᠥᠪ ᠢ ᠡᠷᠢᠨ ᠥᠭᠡᠷᠡᠴᠢᠯᠡᠨ ᠰᠢᠨᠡᠳᠭᠡᠬᠦ ᠬᠡᠷᠡᠭᠲᠡᠶ᠃ ᠤᠯᠠᠨ ᠲᠦᠮᠡᠨ ᠳᠤ ᠤᠬᠠᠭᠤᠯᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠨᠡ ᠬᠦ ᠠᠷᠠᠳ ᠲᠤ ᠠᠰᠢᠭᠲᠠᠢ ᠴᠢᠬᠤᠯᠠ ᠢᠨᠵᠧᠨᠧᠷᠢᠩ ᠢ ᠨᠡᠩ ᠰᠠᠶᠢᠲᠤᠷ ᠤᠢᠢᠯᠠᠭᠠᠭᠤᠯᠬᠤ ᠬᠡᠷᠡᠭᠲᠡᠢ ᠭᠡᠵᠤ ᠵᠠᠬᠢᠵᠠᠢ᠃    ᠵᠡᠭᠦᠨ ᠲᠤᠭᠤᠷᠢᠯ ᠵᠠᠮ ᠤᠨ ᠢᠯᠴᠢ ᠬᠠᠩᠭᠠᠬᠤ ᠬᠤᠭᠤᠯᠠᠶ ᠲᠤᠤᠷ ᠤᠨ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ᠂ ᠸᠠᠩ ᠯᠢ ᠰᠢᠶᠠ ᠢᠨᠵᠤᠨᠤᠷᠢᠩ ᠤᠨ ᠲᠦᠢᠮᠣ ᠪᠠᠶᠢᠳᠠᠯ᠂ ᠠᠬᠢᠴᠠ ᠶᠢᠨ ᠲᠣᠬᠢᠷᠠᠭᠤᠯᠤᠯᠲᠠ ᠪᠠ ᠪᠠᠷᠢᠯᠭ᠎ᠠ ᠳᠠᠭᠤᠰᠬᠤ ᠴᠠᠭ ᠢ ᠨᠠᠷᠢᠨ ᠠᠰᠠᠭᠤᠪᠠ᠃ ᠲᠡᠷᠡ ᠦᠭᠡᠷᠡᠴᠢᠯᠡᠨ ᠰᠢᠨᠡᠳᠭᠡᠬᠦ ᠠᠬᠢᠴᠠ ᠪᠠᠨ ᠲᠦᠷᠭᠡᠳᠭᠡᠵᠦ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠬᠤᠭᠤᠯᠠᠢ ᠱᠤᠭᠤᠮ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠬᠠᠭᠤᠴᠢᠨ ᠬᠤᠭᠤᠯᠠᠢ ᠲᠣᠣᠷ ᠢ ᠰᠡᠯᠪᠢᠨ ᠵᠠᠰᠠᠬᠤ ᠵᠡᠷᠭᠡ ᠠᠵᠢᠯ ᠢ ᠵᠡᠷᠭᠡ ᠪᠠᠷ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠸᠠᠩ ᠯᠢ ᠰᠢᠶᠠ ᠪᠠᠰᠠ ᠪᠥᠬᠦ ᠣᠷᠣᠨ ᠤ ᠲᠤᠯᠠᠭᠠᠯᠠᠭ᠎ᠠ ᠶᠢᠨ ᠢᠨᠵᠧᠨᠧᠷᠢᠩ ᠤᠨ ᠠᠵᠢᠯ ᠡᠬᠢᠯᠡᠭᠰᠡᠨ ᠪᠠᠶᠢᠳᠠᠯ ᠳᠤ ᠪᠠᠶᠢᠷᠢᠯᠠᠭᠤᠯᠤᠯᠲᠠ ᠬᠢᠵᠦ᠂ ᠡᠯ᠎ᠡ ᠠᠶᠢᠮᠠᠭ ᠬᠤᠲᠠ ᠶᠢᠨ ᠳᠤᠯᠠᠭᠠᠯᠠᠭ᠎ᠠ ᠵᠣᠭᠰᠣᠬᠤ ᠡᠳᠦᠷ ᠬᠤᠭᠤᠴᠠᠭ᠎ᠠ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ᠂ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠶᠢᠨ ᠠᠵᠢᠯ ᠢ ᠲᠦᠷᠭᠡᠳᠭᠡᠵᠦ᠂ ᠪᠦᠲᠦᠮᠵᠢᠲᠡᠶ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠠᠯᠢ ᠴᠢᠳᠠᠬᠤ ᠪᠠᠷ ᠲᠦᠷᠭᠡᠳᠭᠡᠵᠤ᠂ ᠠᠯᠢ ᠴᠢᠳᠠᠬᠤ ᠪᠠᠷ ᠤᠷᠢᠳᠴᠢᠯᠠᠨ ᠬᠢᠵᠤ᠂ ᠬᠤᠭᠤᠯᠠᠶ ᠶᠢᠨ ᠮᠠᠲ᠋ᠧᠷᠢᠶᠠᠯ ᠤᠨ ᠶᠠᠰᠤ ᠴᠢᠨᠠᠷ ᠢ ᠨᠠᠶᠢᠳᠠᠪᠤᠷᠢᠲᠠᠶ ᠪᠠᠶᠢᠯᠭᠠᠵᠤ᠂ ᠬᠤᠳᠠᠯ ᠬᠠᠭᠤᠷᠮᠠᠭ ᠴᠢᠨᠠᠷ ᠮᠠᠭᠤ ᠪᠠᠶᠢᠬᠤ᠂ ᠮᠠᠭᠤ ᠪᠠᠷ ᠰᠠᠶᠢᠨ ᠢ ᠣᠷᠣᠯᠠᠭᠤᠯᠬᠤ ᠶᠢ ᠡᠷᠡᠰ ᠬᠤᠷᠢᠭᠯᠠᠵᠤ᠂ ᠣᠯᠠᠨ ᠲᠦᠮᠡᠨ ᠳᠤ ᠰᠢᠨ᠎ᠡ ᠳᠤᠯᠠᠭᠠᠯᠠᠭ᠎ᠠ ᠶᠢᠨ ᠤᠯᠠᠷᠢᠯ ᠳᠤ ᠲᠤᠯᠠᠭᠠᠯᠠᠭ᠎ᠠ ᠶᠢᠨ ᠢᠨᠵᠧᠨᠧᠷᠢᠩ ᠠᠴᠠ ᠠᠪᠴᠢᠷᠠᠭᠰᠠᠨ ᠪᠣᠳᠠᠲᠠᠶ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃ ᠠᠶᠤᠯᠭᠦᠶ ᠦᠢᠯᠡᠳᠪᠦᠷᠢᠯᠡᠯ ᠤᠨ ᠱᠠᠭᠠᠷᠳᠠᠯᠭ᠎ᠠ ᠶᠢ ᠢᠨᠵᠧᠨᠧᠷᠢᠩ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠣᠨᠴᠠᠭᠠᠶᠢᠯᠠᠨ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号