ᠪᠠᠶ ᠬᠠᠶ ᠯᠢᠨ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯ ᠺᠣᠮᠫᠠᠨᠢ ᠪᠣᠯᠤᠨ ᠥᠪᠥᠷ ᠮᠣᠩᠭᠤᠯ ᠤᠨ ᠪᠠᠩᠬᠢ ᠪᠠᠷ ᠲᠣᠭᠤᠷᠢᠨ ᠰᠣᠷᠪᠤᠯᠵᠢᠯᠠᠪᠠ
ᠨᠡᠶᠢᠲᠡᠯᠡᠭᠰᠡᠨ ᠴᠠᠭ᠄
2024/4/18
      4 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠪᠦᠯᠬᠦᠮ ᠳᠠᠭᠠᠭᠤᠯᠤᠨ ᠬᠥᠬᠡᠬᠤᠲᠠ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠲᠣᠭᠤᠷᠢᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢ ᠴᠤᠸᠠᠨ ᠢᠦᠶ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠤᠸᠠᠩ ᠾᠧ᠂ ᠥᠪᠥᠷ ᠮᠣᠩᠭᠤᠯ ᠤᠨ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦ ᠹᠧᠩ ᠲᠠᠢ ᠲᠣᠰ ᠲᠣᠰ ᠶᠠᠷᠢᠯᠴᠠᠵᠤ᠂ ᠠᠯᠠᠱᠠ ᠠᠶᠢᠮᠠᠭ ᠤᠨ ᠬᠤᠯᠪᠤᠭᠳᠠᠯ ᠪᠥᠬᠦᠶ ᠬᠦᠷᠢᠶᠡᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠲᠤᠬᠠᠶ ᠭᠦᠨᠵᠡᠭᠡᠶ ᠰᠣᠯᠢᠯᠴᠠᠨ ᠶᠠᠷᠢᠯᠴᠠᠪᠠ᠃
1.jpg
      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ᠂ ᠬᠤᠶᠠᠷ ᠲᠠᠯ᠎ᠠ ᠪᠠᠷ ᠢᠶᠠᠨ ᠵᠠᠮ ᠬᠠᠷᠢᠯᠴᠠᠭᠠᠨ ᠤ ᠰᠦᠯᠵᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠤᠯᠤᠰ ᠮᠤᠵᠢ ᠶᠢᠨ ᠳᠡᠰ ᠤᠨ ᠭᠤᠤᠯ ᠱᠤᠭᠤᠮ ᠤᠨ ᠪᠥᠲᠥᠭᠡᠨ ᠪᠠᠶᠢᠭᠤᠯᠤᠯᠲᠠ᠂ ᠣᠷᠣᠨ ᠨᠤᠲᠤᠭ ᠤᠨ ᠨᠢᠰᠬᠡᠯ ᠤᠨ ᠪᠠᠭᠤᠳᠠᠯ ᠳᠤ  ᠰᠢᠨ᠎ᠡ ᠪᠠᠷ ᠠᠶᠠᠯᠠᠯ ᠤᠨ ᠱᠤᠭᠤᠮ ᠨᠡᠮᠡᠭᠳᠡᠭᠦᠯᠬᠦ ᠵᠡᠷᠭᠡ ᠶᠠᠪᠤᠳᠠᠯ ᠤᠨ ᠲᠣᠭᠤᠷᠢᠨ ᠳᠤ ᠵᠥᠪᠳᠡᠯᠴᠡᠨ ᠵᠣᠯᠭᠠᠭᠤᠯᠪᠠ᠃ ᠪᠠᠶ ᠬᠠᠶ ᠯᠢᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠠᠯᠠᠱᠠ ᠠᠶᠢᠮᠠᠭ ᠲᠠᠬᠢ ᠠᠵᠢᠯ ᠤᠨ ᠬᠠᠯᠠᠮᠵᠢᠯᠠᠯ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠵᠠᠮ  ᠬᠠᠷᠢᠯᠴᠠᠭᠠᠨ ᠤ ᠰᠦᠯᠵᠢᠶᠡᠨ ᠤ ᠲᠥᠯᠥᠪᠵᠢᠭᠦᠯᠭᠡ᠂ ᠲᠥᠷᠥᠯ ᠵᠦᠢᠯ ᠲᠣᠭᠲᠠᠭᠠᠬᠤ ᠶᠢ ᠬᠢᠨᠠᠨ ᠵᠥᠪᠰᠢᠶᠡᠷᠡᠬᠦ᠂ ᠲᠥᠷᠥ ᠶᠢᠨ ᠪᠣᠳᠣᠯᠭ᠎ᠠ ᠪᠠᠯᠠ ᠮᠥᠩᠭᠦ ᠶᠢᠨ ᠪᠠᠲᠤᠯᠠᠭ᠎ᠠ ᠵᠡᠷᠭᠡ ᠲᠠᠯ᠎ᠠ ᠪᠠᠷ ᠥᠩᠭᠡᠷᠡᠭᠰᠡᠨ ᠲᠠᠢ ᠪᠠᠨ ᠠᠳᠠᠯᠢ ᠪᠠᠷ ᠶᠡᠭᠡ ᠪᠠᠷ ᠳᠡᠮᠵᠢᠵᠦ᠂ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠯᠠᠱᠠ ᠶᠢᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠨᠡᠪᠲᠡᠷᠡᠯᠲᠡ ᠶᠢᠨ ᠴᠢᠨᠠᠷ ᠪᠠ ᠪᠦᠷᠬᠦᠴᠡ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃
2.jpg
      ᠥᠪᠡᠷᠲᠡᠭᠡᠨ ᠵᠠᠰᠠᠬᠤ ᠣᠷᠣᠨ  ᠤ ᠭᠠᠶᠢᠯᠢ  ᠶᠢᠨ ᠶᠠᠪᠤᠳᠠᠯ  ᠤᠨ ᠲᠣᠪᠴᠢᠶ᠎ᠠ  ᠳᠤ᠂ ᠬᠤᠶᠠᠷ ᠲᠠᠯ᠎ᠠ ᠪᠠᠷ ᠢᠶᠠᠨ ︽ᠬᠤᠶᠠᠷ ᠶᠡᠭᠡ ᠰᠠᠭᠤᠷᠢᠨ ᠭᠠᠵᠠᠷ︾ ᠲᠤ ᠦᠢᠯᠡᠴᠢᠯᠡᠭᠡ ᠪᠠᠲᠤᠯᠠᠭ᠎ᠠ ᠬᠠᠩᠭᠠᠬᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠵᠡᠷᠭᠡ ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠪᠠᠢ ᠬᠠᠢ ᠯᠢᠨ᠂ ᠣᠳᠣᠬᠠᠨ ᠳᠤ ᠠᠯᠠᠱᠠ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠠᠵᠤ ᠦᠢᠯᠡᠰ ᠤᠨ ᠲᠡᠰ ᠳᠡᠪᠰᠢᠬᠦ᠂ ᠤᠯᠤᠰ ᠤᠨ ᠪᠠᠲᠤᠯᠠᠨ ᠬᠠᠮᠠᠭᠠᠯᠠᠯᠲᠠ ᠰᠠᠨᠰᠠᠷ ᠤᠨ ᠠᠶᠠᠯᠠᠯ ᠤᠨ ᠦᠢᠯᠡᠰ ᠲᠤ ᠦᠢᠯᠡᠴᠢᠯᠡᠬᠦ ᠵᠡᠷᠭᠡ ᠲᠠᠯ᠎ᠠ ᠪᠠᠷ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠠᠴᠠ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠬᠤ᠂ ᠠᠵᠤ ᠦᠢᠯᠡᠰ ᠤᠨ ᠳᠡᠮᠵᠢᠯᠭᠡ ᠦᠵᠡᠭᠦᠯᠬᠦ᠂ ᠭᠠᠶᠢᠯᠢ ᠶᠢᠨ ᠢᠷᠡᠯᠳᠡ ᠶᠢ ᠬᠠᠳᠠᠭᠠᠯᠠᠬᠤ ᠵᠡᠷᠭᠡ ᠲᠠᠯ᠎ᠠ ᠪᠠᠷ ᠢᠯᠡᠭᠦᠬᠡᠨ ᠵᠢᠭᠠᠨ ᠵᠢᠯᠣᠭᠤᠳᠴᠤ᠂ ᠢᠯᠡᠭᠦᠬᠡᠨ ᠬᠠᠪᠰᠤᠷᠴᠤ᠂ ᠳ᠋ᠥᠩᠹᠧᠩ ᠰᠠᠭᠤᠷᠢᠨ ᠳᠤ ᠭᠠᠶᠢᠯᠢ ᠶᠢᠨ ᠶᠠᠪᠤᠳᠠᠯ ᠤᠨ ᠬᠤᠪᠢᠶᠠᠷᠢ ᠪᠠᠶᠢᠭᠤᠯᠤᠮᠵᠢ ᠪᠠᠶᠢᠭᠤᠯᠬᠤ  ᠪᠠᠷ ᠴᠢᠷᠮᠠᠶᠢᠵᠤ᠂ ᠣᠷᠣᠨ ᠨᠤᠲᠤᠭ  ᠤᠨ ᠠᠵᠤ ᠠᠬᠤᠢ ᠨᠡᠶᠢᠭᠡᠮ  ᠤᠨ ᠬᠥᠭᠵᠢᠯᠲᠡ  ᠶᠢ ᠨᠡᠩ ᠰᠠᠶᠢᠲᠤᠷ ᠠᠬᠢᠭᠤᠯᠵᠤ᠂  ︽ᠬᠤᠶᠠᠷ ᠶᠡᠭᠡ ᠰᠠᠭᠤᠷᠢᠨ ᠭᠠᠵᠠᠷ︾ ᠲᠤ ᠦᠢᠯᠡᠴᠢᠯᠡᠭᠡ ᠪᠠᠲᠤᠯᠠᠭ᠎ᠠ ᠬᠠᠩᠭᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠶᠢ ᠬᠦᠰᠡᠵᠦ ᠪᠠᠶᠢᠨ᠎ᠠ ᠭᠡᠪᠡ᠃
3.jpg
      ᠬᠥᠬᠡᠬᠤᠲᠠ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯ ᠺᠣᠮᠫᠠᠨᠢ ᠳᠤ᠂ ᠬᠤᠶᠠᠷ ᠲᠠᠯ᠎ᠠ ᠪᠠᠷ ᠢᠶᠠᠨ ᠭᠤᠤᠯᠳᠠᠯᠭ᠎ᠠ ᠲᠠᠢ ᠲᠡᠮᠦᠷ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠡᠵᠡᠨ᠎ᠡ ᠬᠤᠰᠢᠭᠤᠨ ᠠᠴᠠ ᠬᠥᠬᠡᠬᠤᠲᠠ ᠳᠤ ᠬᠦᠷᠬᠦ ᠠᠶᠠᠨᠴᠢᠳ ᠤᠨ ᠭᠠᠯᠲᠤ ᠲᠡᠷᠭᠡ ᠶᠢ ᠨᠡᠮᠡᠬᠦ ᠵᠡᠷᠭᠡ ᠲᠠᠯ᠎ᠠ ᠪᠠᠷ ᠰᠠᠨᠠᠯ ᠨᠢᠭᠡᠳᠪᠡ᠃ ᠪᠠᠢ ᠬᠠᠢ ᠯᠢᠨ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠲᠡᠮᠦᠷ ᠵᠠᠮ ᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ  ᠲᠦᠷᠭᠡᠨ ᠠᠬᠢᠭᠤᠯᠵᠤ᠂ ᠪᠠᠷᠢᠯᠭ᠎ᠠ ᠡᠬᠢᠯᠡᠭᠦᠯᠬᠦ ᠪᠡᠯᠡᠳᠬᠡᠯ ᠢ ᠭᠦᠢᠴᠡᠳ ᠬᠢᠵᠦ᠂ ᠪᠦᠲᠦᠭᠡᠨ ᠪᠠᠶᠢᠭᠤᠯᠬᠤ ᠥᠭᠡᠷᠡᠴᠢᠯᠡᠨ ᠪᠠᠶᠢᠭᠤᠯᠬᠤ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠲᠡᠮᠦᠷ ᠵᠠᠮ ᠢ ᠡᠷᠲᠡᠬᠡᠨ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃
4.jpg
      ᠥᠪᠥᠷ ᠮᠣᠩᠭᠤᠯ ᠤᠨ ᠪᠠᠩᠬᠢ ᠳᠤ᠂ ᠬᠤᠶᠠᠷ ᠲᠠᠯ᠎ᠠ ᠪᠠᠷ ᠢᠶᠠᠨ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠲᠠᠢ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ ᠪᠠᠢ ᠬᠠᠢ ᠯᠢᠨ᠂ ᠬᠤᠶᠠᠷ ᠲᠠᠯ᠎ᠠ ᠪᠠᠷ ᠢᠶᠠᠨ ᠮᠥᠩᠭᠦᠨ ᠭᠦᠢᠯᠭᠡᠭᠡᠨ ᠤ ᠬᠥᠭᠵᠢᠯᠲᠡ ᠶᠢ ᠪᠠᠲᠤᠯᠠᠬᠤ᠂ ᠠᠵᠤ ᠦᠢᠯᠡᠰ ᠢ ᠲᠡᠳᠬᠦᠬᠦ᠂ ᠠᠵᠤ ᠠᠬᠤᠶᠢᠯᠠᠯ ᠢ ᠳᠡᠮᠵᠢᠬᠦ ᠵᠡᠷᠭᠡ ᠲᠠᠯ᠎ᠠ ᠪᠠᠷ ᠠᠳᠠᠯᠢ ᠴᠢᠭᠯᠡᠯ ᠢᠶᠠᠷ ᠬᠦᠴᠦᠯᠡᠵᠦ᠂ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ ᠂ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠬᠠᠮᠠᠭᠠᠯᠠᠵᠤ᠂ ᠮᠥᠩᠭᠦᠨ ᠭᠦᠢᠯᠭᠡᠭᠡᠨ ᠤ ︽ᠡᠬᠢ ᠢᠷᠡᠯᠲᠡ︾ ᠶᠢ ᠪᠠᠶᠠᠯᠢᠭᠵᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ  ᠤ ᠬᠠᠮᠢᠶ᠎ᠠ ᠪᠥᠬᠦᠶ ᠲᠢᠩᠬᠢᠮ ᠲᠣᠪᠴᠢᠶ᠎ᠠ ᠪᠣᠯᠤᠨ ᠠᠵᠤ ᠠᠬᠤᠶᠢᠯᠠᠯ  ᠤᠨ ᠬᠠᠷᠢᠭᠤᠴᠠᠯᠭᠠᠲᠠᠨ ᠂  ᠲᠣᠰ ᠪᠡᠶ᠎ᠡ ᠶᠢᠨ ᠳᠠᠪᠠᠭᠤᠯᠢᠭ  ᠢᠶᠠᠨ  ᠭᠦᠢᠴᠡᠳ ᠪᠠᠳᠠᠷᠠᠭᠤᠯᠵᠤ ᠂  ᠠᠯᠠᠱᠠ  ᠶᠢᠨ ᠭᠤᠤᠯᠳᠠᠯᠭ᠎ᠠ ᠲᠠᠢ ᠲᠥᠷᠥᠯ ᠵᠦᠢᠯ  ᠤᠨ ᠪᠥᠲᠥᠭᠡᠨ ᠪᠠᠶᠢᠭᠤᠯᠤᠯᠲᠠ ᠪᠣᠯᠤᠨ ᠠᠵᠤ ᠠᠬᠤᠶ ᠨᠡᠶᠢᠭᠡᠮ  ᠤᠨ ᠬᠥᠭᠵᠢᠯᠲᠡ  ᠶᠢ ᠦᠷᠭᠦᠯᠵᠢᠯᠡᠨ ᠳᠡᠮᠵᠢᠵᠦ᠂  ᠠᠯᠠᠱᠠ  ᠶᠢᠨ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ᠂  ︽ᠵᠢᠷᠭᠤᠭᠠᠨ ᠢᠨᠵᠧᠨᠧᠷᠢᠩ︾  ᠢ ᠬᠡᠷᠡᠭᠵᠢᠭᠦᠯᠬᠦ  ᠳᠤ ᠨᠠᠩ ᠶᠡᠭᠡ ᠬᠦᠴᠦᠨ ᠴᠢᠳᠠᠯ  ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃      ᠮᠥᠩᠬᠡ ᠰᠤᠷᠪᠤᠯᠵᠢᠯᠠᠭ᠎ᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号