ᠪᠠᠶ ᠬᠠᠶ ᠯᠢᠨ ᠪᠦᠯᠬᠦᠮ ᠳᠠᠭᠠᠭᠤᠯᠤᠨ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠲᠣᠭᠤᠷᠢᠨ ᠰᠣᠷᠪᠣᠯᠵᠢᠯᠠᠪᠠ
ᠨᠡᠶᠢᠲᠡᠯᠡᠭᠰᠡᠨ ᠴᠠᠭ᠄
2024/4/18
      4 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠪᠠ ᠠᠵᠤ ᠠᠬᠤᠶᠢᠯᠠᠯ ᠢᠶᠠᠷ ᠲᠣᠭᠤᠷᠢᠨ ᠰᠣᠷᠪᠣᠯᠵᠢᠯᠠᠵᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠰᠢᠶᠠᠩ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠠᠨ ᠬᠤᠩ ᠭᠤᠸᠠᠩ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ ᠲᠢᠶᠠᠨ ᠢ ᠵᠢᠶᠦ᠋ᠨ ᠲᠠᠢ ᠶᠠᠷᠢᠯᠴᠠᠨ ᠰᠣᠯᠢᠯᠴᠠᠵᠤ᠂ ᠠᠯᠠᠱᠠ ᠠᠶᠢᠮᠠᠭ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ᠂ ᠬᠤᠯᠪᠣᠭᠳᠠᠯ ᠪᠥᠬᠦᠶ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠭᠦᠨᠵᠡᠭᠡᠶ ᠨᠡᠪᠲᠡᠷᠡᠯᠴᠡᠨ ᠵᠣᠯᠭᠠᠯᠴᠠᠪᠠ᠃
1.jpg
      ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠳᠤ᠂ ᠬᠤᠶᠠᠷ ᠲᠠᠯ᠎ᠠ ᠪᠠᠷ ᠢᠶᠠᠨ ᠵᠠᠮ ᠢ ᠲᠠᠰ ᠳᠡᠪᠰᠢᠭᠦᠯᠦᠨ ᠥᠭᠡᠷᠡᠴᠢᠯᠡᠬᠦ᠂ ᠲᠣᠭᠠᠴᠢᠯᠠᠭᠰᠠᠨ ᠪᠠᠷᠠᠭᠠᠨ ᠤ  ᠭᠦᠢᠯᠭᠡᠭᠡᠨ ᠤ ᠲᠠᠪᠴᠠᠩ ᠤᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠮᠤᠷ ᠲᠦᠪᠰᠢᠨ ᠵᠡᠷᠭᠡ ᠶᠠᠪᠤᠳᠠᠯ ᠤᠨ ᠲᠤᠬᠠᠶ ᠵᠥᠪᠳᠡᠯᠴᠡᠪᠡ᠃ ᠪᠠᠢ ᠬᠠᠢ ᠯᠢᠨ᠂ ᠠᠯᠠᠱᠠ ᠶᠢᠨ ᠵᠠᠮ ᠰᠦᠯᠵᠢᠶᠡᠨ ᠤ ᠲᠡᠰ ᠥᠨᠳᠥᠷ ᠪᠢᠰᠢ᠂ ᠨᠡᠪᠲᠡᠷᠡᠯᠴᠡᠭᠡ ᠰᠢᠯᠤᠭᠤᠨ ᠪᠢᠰᠢ ᠵᠡᠷᠭᠡ ︽ᠶᠠᠪᠤᠬᠤ ᠳᠤ ᠬᠦᠴᠢᠷ︾ ᠠᠰᠠᠭᠤᠳᠠᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠪᠣᠭᠤᠮᠢ ᠪᠣᠯᠤᠨ᠎ᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠨ ᠵᠠᠮ ᠢ ᠲᠡᠰ ᠳᠡᠪᠰᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ︽ᠶᠡᠭᠡ ᠣᠷᠴᠢᠯ︾ ᠢ ᠨᠡᠪᠲᠡᠷᠡᠭᠦᠯᠬᠦ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠢ ᠨᠡᠩ ᠥᠷᠭᠡᠨ ᠭᠦᠨᠵᠡᠭᠡᠢ ᠥᠷᠨᠢᠭᠦᠯᠵᠦ᠂ ︽ᠮᠣᠩᠭᠤᠯ ᠮᠤᠷᠢᠨ ᠤ ᠣᠶᠣᠨᠴᠢᠯᠠᠭᠰᠠᠨ ᠲᠡᠭᠡᠭᠡᠪᠦᠷᠢ︾᠂ ᠬᠦᠷᠢᠶᠡᠯᠡᠩ ᠲᠣᠭᠤᠷᠢᠭ ᠤᠨ ᠪᠠᠷᠠᠭᠠᠨ ᠤ ᠭᠦᠢᠯᠭᠡᠭᠡ᠂ ᠮᠡᠳᠡᠭᠡ ᠵᠠᠩᠭᠢᠵᠢᠯᠲᠠ ᠶᠢᠨ ᠪᠠᠶᠢᠴᠠᠭᠠᠨ ᠰᠢᠯᠭᠠᠯᠲᠠ ᠵᠡᠷᠭᠡ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠵᠤ᠂ ᠨᠡᠩ ᠤᠯᠠᠨ ︽ᠵᠠᠮ ᠬᠠᠷᠢᠯᠴᠠᠭ᠎ᠠ +︾ ᠠᠭᠤᠰᠤᠯᠴᠠᠨ ᠬᠥᠭᠵᠢᠬᠦ ᠵᠠᠭᠪᠤᠷ ᠢ ᠰᠦᠪᠡᠭᠴᠢᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
2.jpg
      ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠳᠤ᠂ ᠬᠤᠶᠠᠷ ᠲᠠᠯ᠎ᠠ ᠪᠠᠷ ᠢᠶᠠᠨ ᠡᠨᠧᠷᠭᠢ ᠶᠢᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠴᠠᠬᠢᠯᠭᠠᠨ ᠬᠦᠴᠦᠨ  ᠤ ᠰᠠᠭᠤᠷᠢ ᠲᠥᠬᠦᠭᠡᠷᠦᠮᠵᠢ  ᠶᠢᠨ ᠪᠦᠳᠦᠭᠡᠨ ᠪᠠᠶᠢᠭᠤᠯᠤᠯᠲᠠ  ᠶᠢ ᠴᠢᠩᠭᠠᠳᠬᠠᠬᠤ ᠵᠡᠷᠭᠡ ᠶᠠᠪᠤᠳᠠᠯ  ᠤᠨ ᠲᠤᠬᠠᠢ ᠭᠦᠨᠵᠡᠭᠡᠢ ᠶᠠᠷᠢᠯᠴᠠᠬᠤ  ᠶᠢᠨ ᠬᠠᠮᠲᠤ ︽ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠪᠠ᠃ ᠪᠠᠢ ᠬᠠᠢ ᠯᠢᠨ᠂ ᠲᠤᠰ ᠤᠳᠠᠭ᠎ᠠ ᠶᠢᠨ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠬᠠᠮᠵᠢᠯᠴᠠᠨ ᠬᠠᠮᠲᠤᠷᠠᠯᠴᠠᠬᠤ᠂ ᠬᠠᠮᠲᠤ ᠪᠠᠷ ᠬᠥᠭᠵᠢᠬᠦ ᠵᠠᠷᠴᠢᠮ ᠶᠣᠰᠣᠭᠠᠷ᠂ ᠴᠠᠬᠢᠯᠭᠠᠨ ᠬᠦᠴᠦᠨ ᠤ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ᠂ ᠨᠡᠭᠦᠷᠡᠰᠦᠲᠥ᠋ᠷᠥᠭᠴᠢ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠪᠠ ᠴᠠᠬᠢᠯᠭᠠᠨ ᠬᠦᠴᠦᠨ ᠤ ᠰᠢᠰᠲ᠋ᠧᠮ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠴᠠᠬᠢᠯᠭᠠᠨ ᠬᠦᠴᠦᠨ ᠤ ᠢᠨᠵᠧᠨᠧᠷᠢᠩ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠦᠯᠢᠭᠡᠷ ᠬᠡᠪ ᠢ ᠬᠦᠴᠦᠯᠡᠨ ᠪᠠᠶᠢᠭᠤᠯᠵᠤ᠂ ᠴᠠᠬᠢᠯᠭᠠᠨ ᠲᠣᠣᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠪᠠ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠯᠠᠱᠠ ᠶᠢᠨ ᠪᠦᠬᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠤᠮᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠪᠡ᠃
3.jpg
      ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠳᠤ᠂ ᠬᠤᠶᠠᠷ ᠲᠠᠯ᠎ᠠ ᠪᠠᠷ ᠢᠶᠠᠨ ᠠᠭᠤᠷᠬᠠᠶ ᠶᠢᠨ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃ ᠪᠠᠶ ᠬᠠᠶ ᠯᠢᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠠᠴᠠ ᠠᠯᠠᠱᠠ ᠠᠶᠢᠮᠠᠭ ᠲᠤ ᠦᠵᠡᠭᠦᠯᠦᠭᠰᠡᠨ ᠠᠵᠢᠯ ᠤᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠪᠣᠬᠢᠷᠲᠤᠯ ᠥᠬᠡᠶ ᠠᠭᠤᠷᠬᠠᠶ ᠶᠢᠨ ᠪᠠᠶᠢᠭᠤᠯᠤᠯᠲᠠ᠂ ᠨᠡᠭᠦᠷᠡᠰᠦᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠮᠡᠷᠭᠡᠵᠢᠯ ᠤᠨ ᠥᠭᠡᠷᠡᠴᠢᠯᠡᠯᠲᠡ᠂ ᠲᠥᠷᠥᠯ ᠵᠦᠢᠯ ᠲᠣᠭᠲᠠᠭᠠᠬᠤ ᠶᠢ ᠬᠢᠨᠠᠨ ᠵᠥᠪᠰᠢᠶᠡᠷᠡᠬᠦ᠂ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠵᠡᠷᠭᠡ ᠲᠠᠯ᠎ᠠ ᠪᠠᠷ ᠦᠷᠭᠦᠯᠵᠢᠯᠡᠨ ᠬᠠᠪᠰᠤᠷᠤᠨ ᠵᠢᠯᠤᠭᠤᠳᠴᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠦᠨᠡᠨᠬᠦ ᠴᠢᠩᠭᠠᠳᠬᠠᠵᠤ᠂ ᠳᠠᠯᠳᠠ ᠬᠡᠮ ᠤᠨ ᠲᠦᠭᠰᠢᠭᠦᠷᠢ ᠶᠢ ᠬᠥᠳᠡᠯᠦᠩᠭᠦᠶ ᠪᠠᠷ ᠰᠢᠢᠳᠪᠦᠷᠢᠯᠡᠬᠦ ᠶᠢ ᠠᠬᠢᠭᠤᠯᠵᠤ᠂ ᠨᠥᠬᠦᠴᠡᠯ ᠪᠦᠷᠢᠯᠳᠦᠭᠦᠯᠦᠭᠰᠡᠨ ᠠᠭᠤᠷᠬᠠᠶ ᠶᠢᠨ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠠᠭᠤᠷᠬᠠᠶ ᠶᠢᠨ ᠬᠦᠷᠢᠶᠡᠨ ᠳᠠᠬᠢ ᠮᠥᠨ ᠴᠢᠨᠠᠷ ᠤᠨ ᠠᠮᠤᠷ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ ᠲᠣᠪᠴᠢᠶ᠎ᠠ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠣᠰ ᠪᠡᠶ᠎ᠡ ᠶᠢᠨ ᠡᠭᠦᠷᠭᠡ ᠴᠢᠳᠡᠪᠬᠢ ᠳᠠᠭᠠᠨ ᠰᠠᠭᠤᠷᠢᠯᠠᠨ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ ᠬᠦᠷᠢᠶᠡᠨ ᠳᠠᠬᠢ ᠬᠠᠮᠲᠤᠷᠠᠯᠴᠠᠭ᠎ᠠ ᠪᠣᠯᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ  ᠲᠦᠷᠭᠡᠨ ᠠᠬᠢᠭᠤᠯᠵᠤ᠂ ᠠᠯᠠᠱᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠪᠡ᠃       ᠮᠥᠩᠬᠡ᠂ ᠪᠦᠦ ᠶᠧ ᠬᠤᠯᠪᠣᠭᠳᠠᠯ ᠪᠦᠬᠦᠢ ᠰᠣᠷᠪᠣᠯᠵᠢᠯᠠᠭ᠎ᠠ ᠳᠤ ᠣᠷᠤᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号