ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠪᠦᠬᠦ ᠠᠶᠢᠮᠠᠭ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ | ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ | ︵ᠬᠤᠶᠠᠷ︶ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ | ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ | ᠬᠠᠮᠢᠶᠠᠷᠤᠯᠲᠠ ᠶᠢᠨ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ ᠪᠠ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ | ︵ᠭᠤᠷᠪᠠ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ | ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ | ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠨ᠎ᠠ᠃ | ︵ᠲᠦᠷᠪᠡ︶ ᠬᠤᠲᠠ ᠬᠥᠳᠡᠭᠡ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ | ᠪᠠᠶᠢᠭᠤᠯᠤᠯᠲᠠ ᠪᠣᠯᠤᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠣᠯᠤᠨ | ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠲᠠ ᠬᠥᠳᠡᠭᠡ ᠦᠨᠳᠦᠰᠦᠨ ᠱᠠᠲᠤᠨ ᠤ | ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠴᠤ᠂ | ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠲᠠᠪᠤ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ | ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠯᠳᠠ ᠶᠢ ᠬᠢᠨᠠᠨ | ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ | ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ | ᠶᠣᠰᠣᠭᠠᠷ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠬᠡᠷᠡᠭᠵᠢᠭᠦᠯᠵᠦ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ | ︵ᠳᠤᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠦᠢᠯᠡᠴᠢᠯᠡᠭᠡᠨ ᠤ | ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ | ︵ᠨᠠᠢᠮᠠ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠰᠢᠮᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠣᠯᠤᠨ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ | ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ | ︵ᠶᠢᠰᠦ︶ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ | ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠠᠷᠪᠠ︶ ᠬᠡᠦᠬᠡᠳ ᠤᠨ ᠠᠰᠠᠷᠠᠮᠵᠢ᠂ ᠥᠨᠥᠴᠢᠨ ᠵᠡᠮᠳᠡᠭ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ | ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ | ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠬᠡᠨ ᠤ ᠰᠢᠰᠲ᠋ᠧᠮ ᠪᠣᠯᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠲᠦᠷᠢᠮ ᠢ | ᠪᠦᠷᠢᠨᠰᠢᠭᠦᠯᠦᠨ᠎ᠡ᠃ | ︵ᠠᠷᠪᠠᠨ ᠨᠢᠭᠡ︶ ᠨᠢᠭᠦᠯᠡᠰᠦᠩᠭᠦᠶ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠠᠰᠠᠷᠠᠮᠵᠢ ᠶᠢᠨ ᠰᠤᠭᠤᠯᠤᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ | ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠤ | ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠭᠤᠷᠪᠠ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠠᠷᠪᠠᠨ ᠳᠦᠷᠪᠡ︶ ᠡᠭᠦᠷᠭᠡ ᠴᠢᠳᠠᠮᠵᠢ ᠶᠢᠨ ᠬᠤᠪᠢᠷᠠᠯᠳᠠ᠃ ᠠᠶᠢᠮᠠᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠣᠨᠴᠠᠭᠠᠶ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ | ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠵᠦ᠂ ᠬᠦᠴᠢᠷᠳᠡᠯᠲᠡᠶ ᠣᠯᠠᠨ ᠲᠦᠮᠡᠨ᠂ ᠥᠨᠥᠴᠢᠨ ᠨᠠᠰᠤᠲᠠᠨ᠂ | ᠥᠨᠥᠴᠢᠨ ᠵᠡᠮᠳᠡᠭ᠂ ᠥᠨᠥᠴᠢᠨ ᠬᠡᠦᠬᠡᠳ ᠵᠡᠷᠭᠡ ᠣᠨᠴᠠᠭᠠᠶ ᠬᠥᠮᠦᠰ ᠲᠤ ᠦᠨᠳᠦᠰᠦᠨ ᠨᠡᠶᠢᠭᠡᠮ ᠤᠨ ᠦᠢᠯᠡᠴᠢᠯᠡᠭᠡ | ᠬᠠᠩᠭᠠᠵᠤ᠂ ᠦᠢᠯᠡᠴᠢᠯᠡᠭᠡᠨ ᠤ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠬᠦᠷᠢᠶ᠎ᠡ ᠪᠠ ᠭᠤᠭᠴᠤᠭ᠎ᠠ ᠶᠢ | ᠬᠠᠷᠠᠭᠠᠯᠵᠠᠬᠤ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ | ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ | ᠠᠬᠢᠭᠤᠯᠤᠨ᠎ᠠ᠃ | ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠬᠤ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠣᠭᠤᠳᠬᠤ᠂ | ᠬᠢᠨᠠᠨ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ | ᠲᠤᠰᠠᠯᠠᠬᠤ ᠠᠵᠢᠯ ᠢ ᠬᠠᠷᠢᠭᠤᠴᠠᠨ᠎ᠠ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ | ᠠᠮᠠ ᠶᠢᠨ ᠨᠠᠰᠤᠵᠢᠯ ᠢ ᠠᠷᠭᠠᠴᠠᠬᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠬᠠᠷᠢᠭᠤᠴᠠᠨ ᠲᠣᠭᠲᠠᠭᠠᠵᠤ᠂ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ | ᠵᠣᠬᠢᠴᠠᠭᠤᠯᠵᠤ᠂ ᠰᠢᠮᠳᠠᠭᠤᠯᠤᠨ ᠵᠢᠯᠣᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ | ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡᠨ ᠤ ᠬᠠᠷᠠᠭᠠᠯᠵᠠᠨ ᠠᠰᠠᠷᠠᠬᠤ᠂ | ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠶᠢᠷ᠎ᠠ ᠬᠠᠯᠠᠮᠵᠢ ᠶᠢᠨ ᠦᠢᠯᠡᠴᠢᠯᠡᠭᠡ ᠵᠡᠷᠭᠡ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃ | 2. ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠤᠯᠪᠣᠭᠳᠠᠬᠤ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠶᠢᠮᠠᠭ ᠤᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠮᠡᠳᠡᠭᠡ ᠵᠠᠩᠭᠢ ᠪᠦᠬᠦᠢ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠢᠷᠤᠭ ᠢ | ᠨᠠᠶᠢᠷᠠᠭᠤᠯᠤᠨ ᠨᠡᠶᠢᠳᠡᠯᠡᠨ᠎ᠡ᠃ | ᠬᠤᠶᠠᠷ᠂ ᠳᠤᠳᠤᠭᠠᠳᠤ ᠪᠠᠶᠢᠭᠤᠯᠤᠮᠵᠢ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ | ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠶᠡᠷᠦᠩᠬᠡᠶᠢᠯᠡᠨ ᠵᠠᠰᠠᠬᠤ᠂ ᠵᠠᠬᠢᠳᠠᠯ ᠰᠣᠷᠪᠣᠯᠵᠢᠯᠠᠭ᠎ᠠ | ᠲᠣᠭᠲᠠᠭᠤᠨ ᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ | ᠰᠦᠯᠵᠢᠶᠡᠨ ᠤ ᠬᠠᠮᠠᠭᠠᠯᠠᠯᠲᠠ᠂ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠠᠵᠢᠯ ᠢ ᠬᠠᠷᠢᠭᠤᠴᠠᠨ᠎ᠠ᠃ | ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ᠪᠠᠶᠢᠭᠤᠯᠭ᠎ᠠ ᠵᠢᠴᠢ ᠬᠠᠷᠢᠶ᠎ᠠ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠣᠷᠣᠨ | ᠲᠤᠭ᠎ᠠ ᠵᠡᠷᠭᠡ ᠠᠵᠢᠯ ᠢ ᠬᠠᠷᠢᠭᠤᠴᠠᠨ᠎ᠠ᠃ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ | ᠠᠷᠠᠳ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢᠨ ᠣᠨᠣᠯ ᠤᠨ ᠰᠣᠳᠣᠯᠭᠠᠨ ᠢ ᠵᠣᠬᠢᠶᠠᠨ ᠪᠠᠶᠢᠭᠤᠯᠤᠨ | ᠥᠷᠨᠢᠭᠦᠯᠬᠦ ᠶᠢ ᠬᠠᠷᠢᠭᠤᠴᠠᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ᠂ ᠬᠠᠤᠯᠢ ᠶᠣᠰᠣᠭᠠᠷ ᠵᠠᠰᠠᠭ | ᠶᠠᠪᠤᠭᠤᠯᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ | ᠬᠠᠷᠢᠭᠤᠴᠠᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ | ᠠᠵᠢᠯ ᠢ ᠡᠭᠦᠷᠭᠡᠯᠡᠨ᠎ᠡ᠃ | ︵ᠬᠤᠶᠠᠷ︶ ᠳᠦᠯᠦᠪᠵᠢᠬᠦᠯᠬᠡ ᠡᠳ᠋ ᠤᠨ ᠶᠠᠪᠤᠳᠠᠯ ᠢ ᠬᠢᠨᠠᠨ ᠪᠠᠶᠢᠴᠠᠭᠠᠬᠤ ᠰᠠᠯᠠᠭ᠎ᠠ᠃ ᠠᠷᠠᠳ ᠤᠨ | ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠠᠷᠠᠳ ᠤᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠢ ᠲᠤᠭᠤᠷᠪᠢᠨ ᠲᠣᠭᠲᠠᠭᠠᠨ᠎ᠠ᠃ ᠲᠥᠪ᠂ ᠥᠪᠡᠷᠲᠡᠭᠡᠨ | ᠵᠠᠰᠠᠬᠤ ᠣᠷᠣᠨ ᠪᠣᠯᠤᠨ ᠠᠶᠢᠮᠠᠭ ᠤᠨ ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠠᠷᠠᠳ ᠤᠨ ᠶᠠᠪᠤᠳᠠᠯ ᠤᠨ ᠠᠵᠢᠯ | ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ | ᠮᠥᠩᠭᠦ ᠶᠢ ᠬᠡᠷᠡᠭᠯᠡᠵᠦ ᠬᠠᠮᠢᠶᠠᠷᠬᠤ ᠳᠦᠷᠢᠮ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠵᠦ᠂ ᠠᠶᠢᠮᠠᠭ ᠤᠨ | ᠱᠠᠲᠤᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠲᠣᠭᠲᠠᠭᠠᠯ ᠶᠣᠰᠣᠭᠠᠷ | ᠬᠠᠮᠢᠶᠠᠷᠤᠨ᠎ᠠ᠃ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠪᠠ ᠪᠠᠶᠢᠭᠤᠯᠭ᠎ᠠ ᠵᠢᠴᠢ ᠬᠠᠷᠢᠶ᠎ᠠ | ᠨᠢᠬᠡᠴᠡ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ | ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃ ᠠᠰᠠᠷᠠᠮᠵᠢ ᠶᠢᠨ ᠰᠤᠭᠤᠯᠤᠭ᠎ᠠ ᠶᠢᠨ | ᠬᠠᠮᠢᠶᠠᠷᠤᠯᠲᠠ ᠶᠢᠨ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠠᠰᠠᠷᠠᠮᠵᠢ ᠶᠢᠨ ᠰᠤᠭᠤᠯᠤᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠠᠵᠢᠯ ᠢ ᠡᠭᠦᠷᠭᠡᠯᠡᠨ᠎ᠡ᠃ | ︵ᠭᠤᠷᠪᠠ︶ ᠠᠷᠠᠳ ᠤᠨ ᠵᠤᠬᠢᠶᠠᠨ ᠪᠠᠶᠢᠭᠤᠯᠣᠯᠳᠠ ᠶᠢᠨ ᠬᠠᠮᠢᠶᠠᠷᠤᠯᠲᠠ ᠪᠠ ᠭᠠᠵᠠᠷ ᠣᠷᠤᠨ ᠤ | ᠬᠤᠪᠢᠶᠠᠷᠢᠯᠠᠯᠲᠠ ᠶᠢᠨ ᠰᠠᠯᠠᠭ᠎ᠠ᠃ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ | ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠬᠠᠮᠢᠶᠠᠷᠤᠯᠲᠠ ᠶᠢᠨ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ | ᠬᠠᠮᠢᠶᠠᠷᠤᠯᠲᠠ ᠶᠢᠨ ᠡᠷᠬᠡ ᠮᠡᠳᠡᠯ ᠢᠶᠠᠷ ᠢᠶᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ | ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ ᠬᠤᠰᠢᠭᠤ ᠣᠷᠣᠨ ᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠠᠵᠢᠯ ᠢ ᠵᠢᠯᠣᠭᠤᠳᠤᠨ᠎ᠠ᠃ ᠪᠦᠬᠦ ᠠᠶᠢᠮᠠᠭ ᠤᠨ ᠵᠠᠰᠠᠭ ᠵᠠᠬᠢᠷᠭᠠᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ | ᠣᠷᠣᠨ ᠤ ᠵᠠᠭᠠᠭ ᠱᠤᠭᠤᠮ ᠪᠣᠯᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠨ᠎ᠠ᠃ ᠰᠤᠮᠤ ᠰᠢᠶᠠᠩ ᠪᠠᠯᠭᠠᠰᠤ ᠶᠢ ᠪᠠᠶᠢᠭᠤᠯᠬᠤ᠂ ᠬᠠᠰᠤᠬᠤ᠂ ᠬᠠᠯᠠᠬᠤ᠂ ᠵᠠᠰᠠᠭ | ᠵᠠᠬᠢᠷᠭᠠᠨ ᠤ ᠣᠷᠣᠨ ᠤ ᠵᠠᠭᠠᠭ ᠢ ᠬᠤᠪᠢᠷᠠᠭᠤᠯᠬᠤ ᠪᠠ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ | ᠵᠦᠢᠯᠡᠰ ᠢ ᠲᠣᠭᠲᠠᠭᠠᠯ ᠶᠣᠰᠣᠭᠠᠷ ᠬᠢᠨᠠᠨ ᠬᠠᠷᠭᠤᠭᠤᠯᠤᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠰᠤᠮᠤ | ᠪᠠᠯᠭᠠᠰᠤ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠢ ᠪᠠᠶᠢᠭᠤᠯᠬᠤ᠂ ᠬᠠᠰᠤᠬᠤ᠂ ᠬᠠᠯᠠᠬᠤ᠂ ᠬᠠᠷᠢᠶᠠᠯᠠᠭᠳᠠᠬᠤ | ᠬᠠᠷᠢᠴᠠᠭ᠎ᠠ ᠶᠢ ᠬᠤᠪᠢᠷᠠᠭᠤᠯᠬᠤ ᠪᠠ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠶᠢ ᠬᠢᠨᠠᠨ | ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠳᠠᠭᠠᠭᠠᠨ ᠭᠦᠢᠴᠡᠳᠬᠡᠨ᠎ᠡ᠃ ᠪᠦᠬᠦ ᠠᠶᠢᠮᠠᠭ ᠤᠨ ᠵᠠᠰᠠᠭ | ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠡᠷᠬᠡ ᠮᠡᠳᠡᠯ ᠢᠶᠠᠷ ᠢᠶᠠᠨ ᠪᠥᠬᠦ ᠠᠶᠢᠮᠠᠭ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠬᠤᠲᠠ ᠬᠥᠳᠡᠭᠡ ᠶᠢᠨ ᠭᠠᠵᠠᠷ ᠤᠨ ᠨᠡᠷ᠎ᠡ ᠶᠢᠨ ᠲᠡᠮᠳᠡᠭ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ | ᠵᠢᠯᠣᠭᠤᠳᠤᠨ᠎ᠠ᠃ ᠪᠠᠷᠢᠮᠵᠢᠶ᠎ᠠ ᠭᠠᠵᠠᠷ ᠤᠨ ᠨᠡᠷ᠎ᠡ ᠶᠢᠨ ᠬᠡᠪᠯᠡᠭᠳᠡᠬᠦᠨ ᠢ ᠲᠣᠭᠲᠠᠭᠠᠯ ᠶᠣᠰᠣᠭᠠᠷ ᠬᠢᠨᠠᠨ | ᠬᠠᠷᠭᠤᠭᠤᠯᠤᠨ᠎ᠠ᠃ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠪᠠ | ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ | ᠠᠵᠢᠯᠯᠠᠭ᠎ᠠ ᠶᠢᠨ ᠬᠠᠮᠢᠶᠠᠷᠤᠯᠲᠠ ᠶᠢᠨ ᠲᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ | ︵ᠲᠦᠷᠪᠡ︶ ᠨᠡᠶᠢᠭᠡᠮ ᠤᠨ ᠠᠪᠤᠷᠠᠨ ᠲᠤᠰᠠᠯᠠᠬᠤ ᠰᠠᠯᠠᠭ᠎ᠠ᠃ ᠪᠦᠬᠦ ᠠᠶᠢᠮᠠᠭ ᠤᠨ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ | ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ | ᠲᠤᠰᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠪᠦᠷᠢᠨᠰᠢᠭᠦᠯᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ | ᠡᠳ᠋ ᠤᠨ ᠵᠠᠰᠠᠭ ᠠᠴᠠ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠳᠤ ᠦᠭᠭᠦᠭᠰᠡᠨ ᠪᠠᠯᠠ | ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠳᠠᠭᠠᠭᠠᠨ ᠬᠦᠢᠴᠡᠳᠭᠡᠨ᠎ᠡ᠃ ᠡᠮᠴᠢᠯᠡᠭᠡ᠂ ᠣᠷᠣᠨ | ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠠᠤᠯᠢ ᠴᠠᠭᠠᠵᠠ ᠵᠡᠷᠭᠡ ᠲᠡᠩᠬᠡᠷᠡᠭᠦᠯᠦᠨ ᠲᠤᠰᠠᠯᠠᠬᠤ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ | ︵ᠲᠠᠪᠤ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠣᠯᠤᠨ ᠨᠡᠶᠢᠭᠡᠮ ᠲᠣᠭᠤᠷᠢᠭ ᠤᠨ | ᠵᠠᠰᠠᠯᠳᠠ ᠶᠢᠨ ᠰᠠᠯᠠᠭ᠎ᠠ᠃ ᠬᠤᠲᠠ ᠬᠥᠳᠡᠭᠡ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ | ᠪᠠᠶᠢᠭᠤᠯᠤᠯᠲᠠ ᠪᠠ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠭᠠᠴᠠᠭ᠎ᠠ ︵ᠨᠡᠶᠢᠭᠡᠮ ᠲᠣᠭᠤᠷᠢᠭ︶ ᠲᠣᠰᠬᠤᠨ | ︵ᠰᠠᠭᠤᠭᠠᠯᠢ ᠠᠷᠠᠳ︶ ᠤ ᠠᠷᠠᠳ ᠤᠨ ᠵᠥᠪᠯᠡᠯ ᠤᠨ ᠠᠷᠠᠳᠴᠢᠯᠠᠯ ᠢᠶᠠᠷ ᠰᠣᠩᠭᠤᠭᠤᠯᠢ ᠶᠠᠪᠤᠭᠤᠯᠬᠤ᠂ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ | ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠬᠤᠲᠠ ᠬᠥᠳᠡᠭᠡ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ | ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ | ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠤᠨ ᠠᠵᠢᠯ ᠪᠠ ᠰᠠᠶᠢᠨ | ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ ᠨᠡᠶᠢᠭᠡᠮ ᠤᠨ ᠠᠵᠢᠯ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠠᠬᠢᠭᠤᠯᠤᠨ᠎ᠠ᠃ | ︵ᠵᠢᠷᠭᠤᠭ᠎ᠠ︶ ᠨᠡᠶᠢᠭᠡᠮ ᠤᠨ ᠬᠡᠷᠡᠭ ᠶᠠᠪᠤᠳᠠᠯ ᠵᠢᠴᠢ ᠬᠡᠦᠬᠡᠳ ᠤᠨ ᠠᠰᠠᠷᠠᠮᠵᠢ ᠶᠢᠨ ᠰᠠᠯᠠᠭ᠎ᠠ᠃ ᠤᠷᠤᠭ ᠤᠨ | ᠵᠠᠩ ᠳᠠᠳᠬᠠᠯ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠤᠷᠤᠭ ᠤᠨ ᠶᠠᠪᠤᠳᠠᠯ᠂ | ᠣᠷᠣᠰᠢᠭᠤᠯᠭ᠎ᠠ᠂ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ | ᠭᠤᠶᠢᠷᠠᠨᠴᠢᠳ ᠢ ᠲᠤᠰᠠᠯᠠᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ | ᠵᠡᠮᠳᠡᠭᠴᠦᠳ ᠢ ᠲᠥᠪᠯᠡᠷᠡᠭᠦᠯᠦᠨ ᠠᠵᠢᠯ ᠣᠯᠭᠤᠵᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ | ᠲᠣᠭᠲᠠᠭᠠᠬᠤ ᠳᠤ ᠣᠷᠣᠯᠴᠠᠨ᠎ᠠ᠃ ᠣᠷᠤᠭ ᠳᠠᠩᠰᠠᠯᠠᠬᠤ ᠪᠠᠶᠢᠭᠤᠯᠭ᠎ᠠ ᠪᠣᠯᠤᠨ ᠵᠡᠮᠳᠡᠭᠴᠦᠳ ᠤᠨ ᠨᠡᠶᠢᠭᠡᠮ ᠤᠨ | ᠠᠰᠠᠷᠠᠮᠵᠢ᠂ ᠣᠷᠣᠰᠢᠭᠤᠯᠭ᠎ᠠ ᠶᠢᠨ ᠦᠢᠯᠡᠴᠢᠯᠡᠭᠡ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠯ ᠭᠤᠶᠢᠷᠠᠨᠴᠢᠳ ᠢ | ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ ᠭᠡᠷ | ᠪᠦᠯᠢ ᠶᠢᠨ ᠬᠦᠴᠦᠷᠬᠡᠭᠯᠡᠯ ᠤᠨ ᠬᠤᠬᠢᠷᠠᠯ ᠠᠮᠰᠠᠭᠴᠢ ᠶᠢ ᠲᠦᠷ ᠴᠠᠭ ᠬᠠᠮᠠᠭᠠᠯᠠᠵᠤ ᠠᠪᠤᠷᠠᠨ ᠲᠤᠰᠠᠯᠠᠬᠤ ᠠᠵᠢᠯ ᠢ | ᠵᠢᠯᠣᠭᠤᠳᠤᠨ ᠥᠷᠨᠢᠭᠦᠯᠵᠦ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ | ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠣᠯᠭᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠬᠡᠦᠬᠡᠳ ᠤᠨ | ᠠᠰᠠᠷᠠᠮᠵᠢ᠂ ᠥᠨᠥᠴᠢᠨ ᠬᠡᠦᠬᠡᠳ᠂ ᠬᠠᠶᠠᠭᠳᠠᠭᠰᠠᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ ᠪᠠ | ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠮᠠᠯᠵᠢᠬᠤ | ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ | ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ ᠠᠪᠤᠷᠠᠨ ᠲᠤᠰᠠᠯᠠᠵᠤ ᠬᠠᠮᠠᠭᠠᠯᠠᠬᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ︵ᠳᠤᠯᠤᠭ᠎ᠠ︶ ᠨᠠᠰᠤᠵᠢᠯ ᠤᠨ ᠦᠢᠯᠡᠴᠢᠯᠡᠭᠡᠨ ᠤ ᠰᠠᠯᠠᠭ᠎ᠠ᠃ ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ | ᠡᠭᠦᠷᠭᠡᠯᠡᠵᠦ᠂ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠲᠦᠷᠢᠮ ᠪᠠ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠵᠡᠷᠭᠡ ᠶᠢ | ᠲᠤᠭᠤᠷᠪᠢᠨ ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠬᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ ᠦᠢᠯᠡᠴᠢᠯᠡᠭᠡ᠂ | ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠨ ᠤ ᠨᠥᠬᠦᠪᠥᠷᠢ | ᠪᠣᠯᠤᠨ ︽ᠭᠤᠷᠪᠠᠨ ᠳᠦᠷᠦᠯ︾ ᠤᠨ ᠬᠥᠮᠦᠰ ᠤᠨ ᠠᠮᠢᠳᠤᠷᠠᠯ ᠤᠨ ᠨᠥᠬᠦᠪᠥᠷᠢ ᠶᠢ ᠣᠯᠭᠤᠬᠤ ᠠᠵᠢᠯ ᠢ | ᠬᠠᠷᠢᠭᠤᠴᠠᠨ᠎ᠠ᠃ ︽ᠭᠡᠷᠡᠯ ᠭᠡᠭᠡ ᠶᠢᠨ ᠠᠶᠠᠯᠠᠯ︾ ᠨᠡᠶᠢᠭᠡᠮ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠬᠠᠮᠢᠶ᠎ᠠ | ᠪᠦᠬᠦᠢ ᠠᠵᠢᠯ ᠢ ᠬᠠᠷᠢᠭᠤᠴᠠᠨ᠎ᠠ᠃ | ︵ᠨᠠᠢᠮᠠ︶ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠪᠠᠶᠢᠭᠤᠯᠭ᠎ᠠ ︵ᠰᠢᠰᠲ᠋ᠧᠮ ᠤᠨ | ᠨᠠᠮ ᠤᠨ ᠠᠵᠢᠯ ᠤᠨ ᠬᠤᠷᠢᠶ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠨᠠᠮ ᠤᠨ ᠶᠡᠷᠦᠩᠬᠡᠢ ᠡᠭᠦᠷ᠂ ᠨᠠᠮ ᠤᠨ | ᠡᠭᠦᠷ︶ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠠᠯᠠᠱᠠ ᠠᠶᠢᠮᠠᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠪᠣᠶᠢᠵᠢᠭᠤᠯᠬᠤ ᠲᠥᠪ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | | | | | ᠪᠠᠶᠢᠭᠤᠯᠭ᠎ᠠ ᠶᠢᠨ ᠰᠦᠯᠵᠢᠶ᠎ᠡ |