ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ | ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠶᠢᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠠᠴᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠡᠨᠡ ᠬᠦ ᠴᠢᠬᠤᠯᠠ ᠤᠯᠤᠰ ᠲᠦᠷᠦ ᠶᠢᠨ ᠡᠭᠦᠷᠭᠡ ᠶᠢ | ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠰᠡᠳᠬᠢᠯ ᠲᠠᠯᠪᠢᠬᠤ ᠦᠭᠡᠢ᠂ ᠣᠶᠢᠯᠠᠭᠠᠬᠤ ᠦᠭᠡᠢ᠂ ᠡᠵᠡᠮᠰᠢᠬᠦ | ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠰᠤᠷᠤᠯᠴᠠᠨ | ᠲᠤᠭᠤᠰᠢᠯᠠᠭᠤᠯᠬᠤ ᠳᠡᠭᠡᠷ᠎ᠡ ᠦᠨᠡᠨ ᠬᠦ ᠬᠦᠴᠦ ᠣᠷᠣᠭᠤᠯᠵᠤ᠂ ᠪᠦᠯᠦᠭ ᠵᠦᠢᠯ ᠳᠠᠷᠠᠭᠠᠯᠠᠨ ᠰᠤᠷᠤᠯᠴᠠᠵᠤ᠂ | ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠨᠢ ᠶᠠᠭᠤ ᠪᠤᠯᠬᠤ | ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ᠂ ᠶᠠᠮᠠᠷ ᠶᠠᠪᠤᠳᠠᠯ ᠢ ᠬᠢᠵᠦ ᠪᠤᠯᠬᠤ᠂ ᠶᠠᠮᠠᠷ ᠶᠠᠪᠤᠳᠠᠯ ᠢ ᠬᠢᠵᠦ ᠪᠤᠯᠬᠤ | ᠦᠭᠡᠢ ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ᠂ ︽ᠳᠦᠷᠢᠮ︾ ᠢ ᠡᠳᠦᠷ ᠲᠤᠳᠤᠮ ᠬᠡᠷᠡᠭᠯᠡᠵᠦ ᠪᠠᠶᠢᠲᠠᠯ᠎ᠠ | ᠪᠠᠨ ᠦᠯᠦ ᠠᠩᠵᠠᠭᠠᠷᠠᠬᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠤᠯᠭᠠᠬᠤ ᠬᠡᠷᠡᠭᠲᠡᠢ᠃ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠲᠦᠷᠦᠭᠦᠯᠡᠨ ᠰᠠᠶᠢᠲᠤᠷ ᠬᠢᠵᠦ᠂ ᠥᠪᠡᠷ ᠤᠨ ᠪᠡᠶ᠎ᠡ | ᠪᠠᠷ ᠢᠶᠠᠨ ᠰᠠᠶᠢᠲᠤᠷ ᠠᠵᠢᠯᠯᠠᠵᠤ᠂ ᠠᠵᠢᠯ ᠢᠶᠠᠨ ᠰᠠᠶᠢᠲᠤᠷ ᠬᠢᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ | ᠪᠠᠶᠢᠴᠠᠭᠠᠨ ᠦᠵᠡᠵᠦ᠂ ᠲᠣᠭᠲᠠᠭᠰᠠᠨ ᠠᠵᠢᠯᠯᠠᠭ᠎ᠠ ᠪᠠᠨ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠰᠡᠷᠭᠡᠶᠢᠯᠡᠬᠦ | ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠬᠦ ᠠᠳᠬᠤᠨ ᠪᠣᠳᠠᠲᠠᠢ | ᠠᠵᠢᠯᠯᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠢᠯᠭᠠᠬᠤ ︽ᠰᠢᠯᠭᠠᠭᠤᠷ︾ ᠪᠤᠯᠭᠠᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ︽ᠥᠪᠥᠷ ᠮᠣᠩᠭᠤᠯ ᠤᠨ ᠬᠠᠭᠤᠳᠠᠰᠤ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ | ︽ᠵᠢᠷᠭᠤᠭᠠᠨ ᠢᠨᠵᠧᠨᠧᠷᠢᠩ︾ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠪᠣᠳᠠᠲᠠᠢ | ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ︽ | ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠲᠣᠰ ᠪᠡᠶ᠎ᠡ ᠶᠢᠨ ᠠᠵᠢᠯ ᠤᠨ | ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ | ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ |