ᠠᠯᠠᠱᠠ᠄ ᠰᠤᠷᠭᠠᠨ ᠬᠥᠮᠦᠵᠢᠯ ᠤᠨ ᠡᠬᠢ ᠪᠠᠶᠠᠯᠢᠭ ᠢᠶᠠᠨ ᠦᠷᠭᠦᠯᠵᠢᠯᠡᠨ ᠰᠢᠯᠢᠳᠡᠭᠵᠢᠭᠦᠯᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/4/19
      ᠠᠯᠠᠱᠠ ᠠᠶᠢᠮᠠᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠰᠤᠷᠭᠠᠨ ᠬᠥᠮᠦᠵᠢᠯ ᠤᠨ ᠡᠬᠢ ᠪᠠᠶᠠᠯᠢᠭ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠬᠦ᠂ ᠬᠤᠯᠪᠣᠭ᠎ᠠ ᠪᠠᠶᠢᠭᠤᠯᠤᠨ ᠬᠠᠮᠲᠤ ᠪᠠᠷ ᠪᠦᠲᠦᠭᠡᠬᠦ᠂ ᠰᠤᠷᠭᠠᠭᠤᠯᠢ ᠶᠢᠨ ᠬᠤᠯᠪᠣᠭ᠎ᠠ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠰᠣᠯᠢᠯᠴᠠᠭ᠎ᠠ ᠬᠢᠵᠦ ᠰᠤᠷᠭᠠᠨ ᠬᠥᠮᠦᠵᠢᠯ ᠢ ᠳᠡᠮᠵᠢᠬᠦ ᠠᠵᠢᠯ ᠢ ᠥᠷᠨᠢᠭᠦᠯᠵᠦ᠂ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃
1.jpg
2.jpg
      ᠰᠣᠯᠢᠯᠴᠠᠬᠤ ᠶᠠᠪᠤᠴᠠ ᠳᠤ᠂ ᠠᠵᠢᠯ ᠤᠨ ᠪᠠᠶᠢᠷᠢ ᠡᠭᠡᠯᠵᠢᠯᠡᠭᠰᠡᠨ ᠪᠠᠭᠰᠢ ᠰᠤᠷᠭᠠᠭᠤᠯᠢ ᠶᠢᠨ ᠢᠶᠠᠨ ᠪᠠᠭᠰᠢ ᠲᠠᠢ ᠬᠠᠮᠲᠤ ᠵᠢᠭᠠᠨ ᠰᠣᠷᠭᠠᠵᠤ ᠵᠢᠭᠠᠨ ᠰᠤᠳᠤᠯᠬᠤ ᠠᠵᠢᠯ ᠢ ᠥᠷᠨᠢᠭᠦᠯᠵᠦ᠂ ᠲᠠᠶᠢᠯᠪᠤᠷᠢᠯᠠᠵᠤ ᠵᠢᠱᠢᠶ᠎ᠡ ᠦᠵᠡᠭᠦᠯᠬᠦ᠂ ᠬᠢᠴᠢᠶᠡᠯ ᠰᠣᠨᠣᠰᠴᠤ ᠬᠠᠷᠢᠭᠤ ᠲᠤᠰᠬᠠᠬᠤ᠂ ᠬᠠᠮᠲᠤ ᠪᠠᠷ ᠬᠢᠴᠢᠶᠡᠯ ᠪᠡᠯᠡᠳᠬᠡᠬᠦ᠂ ᠭᠤᠷᠪᠠᠨ ᠲᠠᠯ᠎ᠠ ᠶᠢᠨ ᠵᠢᠭᠠᠨ ᠰᠤᠳᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠵᠢᠴᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠡᠯ᠎ᠡ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠵᠢᠭᠠᠨ ᠰᠣᠷᠭᠠᠵᠤ ᠵᠢᠭᠠᠨ ᠰᠤᠳᠤᠯᠬᠤ ᠬᠢᠷᠢ ᠲᠦᠪᠰᠢᠨ ᠢ ᠬᠦᠴᠦ ᠪᠠᠨ ᠬᠠᠮᠲᠤᠳᠬᠠᠨ ᠳᠡᠭᠡᠭᠰᠢᠯᠡᠭᠦᠯᠪᠡ᠃      2023 ᠣᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠴᠢᠨᠠᠷ ᠰᠠᠶᠢᠲᠠᠶ ᠪᠦᠭᠡᠳ ᠲᠡᠩᠴᠡᠭᠦᠷᠢᠲᠡᠶ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ᠳᠤ᠂ ᠰᠤᠷᠭᠠᠭᠤᠯᠢ ᠶᠢᠨ ᠵᠠᠬᠢᠷᠤᠯ᠂  ᠪᠠᠭᠰᠢ ᠶᠢᠨ ᠡᠮᠬᠢ ᠵᠢᠷᠤᠮ ᠲᠠᠢ ᠪᠠᠷ ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠤᠳᠠ ᠪᠠ ᠮᠠᠯᠵᠢᠬᠤ ᠲᠠᠷᠢᠶᠠᠯᠠᠬᠤ ᠣᠷᠣᠨ ᠵᠡᠷᠭᠡ ᠠᠳᠠᠯᠢ ᠪᠤᠰᠤ ᠭᠠᠵᠠᠷ ᠣᠷᠣᠨ ᠤ ᠪᠣᠳᠠᠲᠤ ᠪᠠᠶᠢᠳᠠᠯ ᠢ ᠦᠨᠳᠦᠰᠦᠯᠡᠵᠦ᠂ ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠬᠦ ᠶᠢ ᠪᠠᠲᠤᠯᠠᠬᠤ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠰᠢᠭᠤ ᠰᠢᠶᠠᠨ ︵ᠬᠤᠲᠠ᠂ ᠣᠷᠤᠨ︶ ᠢᠶᠠᠷ ᠨᠢᠭᠡᠴᠡ ᠪᠣᠯᠭᠠᠨ᠂ ᠰᠤᠷᠭᠠᠭᠤᠯᠢ ᠶᠢᠨ ᠵᠠᠬᠢᠷᠤᠯ ᠪᠣᠯᠤᠨ ᠰᠢᠯᠢᠳᠡᠭ ᠭᠤᠤᠯᠯᠠᠭᠴᠢ ᠪᠠᠭᠰᠢ ᠶᠢᠨ ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠬᠦ ᠲᠤᠬᠠᠢ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠰᠢᠶᠠᠨ ᠤ ᠬᠡᠪᠴᠢᠶᠡᠨ ᠳᠣᠲᠤᠷᠠᠬᠢ᠂ ᠰᠤᠷᠭᠠᠭᠤᠯᠢ ᠶᠢᠨ ᠬᠤᠭᠤᠷᠣᠨᠳᠣᠬᠢ ᠪᠠᠭᠰᠢ ᠶᠢᠨ ᠡᠩᠨᠡᠭᠡ ᠶᠢ ᠲᠡᠩᠴᠡᠭᠦᠷᠢᠲᠡᠶ ᠲᠣᠬᠢᠷᠠᠭᠤᠯᠬᠤ ᠶᠢ ᠪᠡᠶᠡᠯᠡᠭᠦᠯᠵᠦ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠳᠤ ᠦᠷᠭᠦᠯᠵᠢᠯᠡᠨ ᠬᠦᠴᠦᠯᠡᠬᠦ ᠬᠡᠷᠡᠭᠲᠡᠢ ᠭᠡᠪᠡ᠃
3.jpg
      ᠡᠨᠡ ᠵᠢᠯ ᠠᠴᠠ ᠨᠠᠰᠢ᠂ ᠪᠥᠬᠦ ᠠᠶᠢᠮᠠᠭ 360 ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠰᠣᠯᠢᠯᠴᠠᠭ᠎ᠠ ᠬᠢᠵᠦ ᠠᠵᠢᠯ ᠤᠨ ᠪᠠᠶᠢᠷᠢ ᠡᠭᠡᠯᠵᠢᠯᠡᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠡᠩᠨᠡᠭᠡᠨ ᠤ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠲᠠᠪᠤᠨ ᠬᠥᠮᠦᠵᠢᠯ ᠤᠨ ᠠᠭᠤᠰᠤᠯᠴᠠᠯ ᠢ ᠠᠬᠢᠭᠤᠯᠬᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠨᠠᠷᠠᠲᠤ ᠲᠡᠮᠳᠡᠭ ᠢ ᠪᠣᠢ ᠪᠣᠯᠭᠠᠬᠤ ᠵᠡᠷᠭᠡ ᠠᠯᠢ ᠣᠯᠠᠨ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠦᠭᠡᠳ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠵᠦ ᠪᠠᠶᠢᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号