ᠪᠠᠢ ᠬᠠᠢ ᠯᠢᠨ ᠬᠤᠸᠠ ᠨᠧᠩ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠵᠡᠭᠦᠨ ᠬᠡᠰᠡᠭ ᠤᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠸᠠ ᠨᠧᠩ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠵᠡᠭᠦᠨ ᠬᠡᠰᠡᠭ ᠤᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠵᠠᠩ ᠭᠦᠸᠧ ᠬᠤᠢ ᠲᠠᠢ ᠠᠭᠤᠯᠵᠠᠵᠤ᠂ ᠰᠢᠨ᠎ᠡ ᠡᠨᠧᠷᠭᠢ ᠶᠢ ᠨᠡᠭᠡᠭᠡᠨ ᠬᠦᠭᠵᠢᠭᠦᠯᠬᠦ᠂ ᠬᠦᠷᠢᠶᠡᠯᠡᠩ ᠲᠣᠭᠤᠷᠢᠭ ᠲᠤ ᠴᠡᠪᠡᠷ ᠴᠠᠬᠢᠯᠭᠠᠨ ᠬᠠᠩᠭᠠᠬᠤ ᠵᠡᠷᠭᠡ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠵᠥᠪᠳᠡᠯᠴᠡᠪᠡ᠃
1.jpg
     ᠪᠠᠢ ᠬᠠᠢ ᠯᠢᠨ ᠬᠤᠸᠠ ᠨᠧᠩ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠵᠡᠭᠦᠨ ᠬᠡᠰᠡᠭ ᠤᠨ ᠬᠤᠪᠢᠶᠠᠷᠢ ᠺᠣᠮᠫᠠᠨᠢ ᠶᠢᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠳᠤ ᠰᠠᠯᠬᠢ ᠭᠡᠷᠡᠯ ᠤᠨ ᠡᠬᠢ ᠪᠠᠶᠠᠯᠢᠭ᠂ ᠭᠤᠪᠢ ᠴᠦᠯ᠂ ᠠᠵᠤ ᠦᠢᠯᠡᠰ ᠤᠨ ᠰᠠᠭᠤᠷᠢ᠂ ᠭᠠᠵᠠᠷ ᠵᠦᠶ ᠶᠢᠨ ᠣᠷᠣᠨ ᠪᠠᠶᠢᠷᠢ ᠵᠡᠷᠭᠡ ᠣᠯᠠᠨ ᠲᠠᠯ᠎ᠠ ᠶᠢᠨ ᠳᠠᠪᠠᠭᠤᠯᠢᠭ ᠲᠠᠢ ᠪᠠᠶᠢᠵᠤ᠂ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠭᠤᠤᠯᠳᠠᠯᠭ᠎ᠠ ᠲᠠᠢ ᠭᠠᠵᠠᠷ ᠣᠷᠣᠨ ᠪᠣᠯᠤᠨ᠎ᠠ᠃ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠬᠠᠮᠲᠤᠪᠠᠷ ᠠᠰᠢᠭ ᠬᠦᠷᠳᠡᠬᠦ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃     ᠵᠠᠩ ᠭᠦᠸᠧ ᠬᠤᠢ᠂ ᠠᠯᠠᠱᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠪᠠᠳᠠᠷᠠᠩᠭᠤᠢ᠂ ᠢᠷᠡᠭᠡᠳᠦᠢ ᠳᠤ᠂ ᠬᠤᠸᠠ ᠨᠧᠩ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠵᠡᠭᠦᠨ ᠬᠡᠰᠡᠭ ᠤᠨ ᠬᠤᠪᠢᠶᠠᠷᠢ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠢ ᠣᠯᠵᠤ᠂ ᠠᠯᠠᠱᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃     ᠪᠦᠦ ᠶᠧ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号