ᠮᠠᠨ ᠤ ᠤᠷᠤᠨ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 28 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/19
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠤᠨ 2024 ᠣᠨ ᠤ ᠠᠵᠢᠯ ᠤᠨ ᠭᠤᠤᠯᠳᠠᠯᠭ᠎ᠠ︾ ︵ᠳᠣᠷᠣᠭᠰᠢ ︽ᠠᠵᠢᠯ ᠤᠨ ᠭᠤᠤᠯᠳᠠᠯᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ 9 ᠲᠠᠯ᠎ᠠ ᠶᠢᠨ 28 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠪᠥᠬᠦ ᠣᠷᠣᠨ ᠤ ᠨᠡᠶᠢᠭᠡᠮ ᠤᠨ ᠠᠵᠢᠯ ᠢ ᠦᠨᠡᠨ ᠬᠦ ᠰᠠᠶᠢᠲᠤᠷ ᠠᠳᠬᠤᠵᠤ ᠪᠤᠢ᠃     ᠣᠶᠢᠯᠠᠭᠠᠭᠰᠠᠨ ᠢᠶᠠᠷ᠂ ᠲᠤᠰ ︽ᠠᠵᠢᠯ ᠤᠨ ᠭᠤᠣᠯᠳᠠᠯᠭ᠎ᠠ︾ ᠳᠤ ᠭᠤᠣᠯᠳᠠᠭᠤ ᠨᠡᠶᠢᠭᠡᠮ ᠤᠨ ᠠᠵᠢᠯ ᠤᠨ ᠬᠦᠷᠢᠶᠡᠨ ᠳᠠᠬᠢ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠂ ᠪᠦᠬᠦ ᠲᠠᠯ᠎ᠠ ᠪᠠᠷ ᠲᠥᠯᠥᠪᠵᠢᠭᠦᠯᠬᠦ ᠪᠠ ᠰᠢᠰᠲ᠋ᠧᠮ ᠲᠠᠢ ᠵᠢᠯᠣᠭᠤᠳᠬᠤ ᠶᠢ ᠴᠢᠩᠭᠠᠳᠬᠠᠵᠤ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠨᠢᠭᠡᠳᠦᠯᠲᠡᠶ ᠲᠥᠯᠥᠪᠵᠢᠬᠦᠯᠤᠨ ᠵᠢᠯᠣᠭᠤᠳᠬᠤ ᠪᠠ ᠠᠷᠠᠳ ᠲᠦᠮᠡᠨ ᠤ ᠬᠦᠰᠡᠯ ᠰᠠᠨᠠᠯ ᠢ ᠴᠤᠭᠯᠠᠭᠤᠯᠬᠤ ᠶᠢ ᠬᠦᠳᠦᠯᠦᠨ ᠵᠢᠯᠤᠭᠤᠳᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠦᠨᠡᠨ ᠬᠦ ᠰᠠᠶᠢᠲᠤᠷ ᠬᠢᠬᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠪᠠ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠵᠡᠷᠭᠡ 9 ᠲᠠᠯ᠎ᠠ ᠶᠢᠨ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠵᠠᠢ᠃     ︽ᠠᠵᠢᠯ ᠤᠨ ᠭᠤᠤᠯᠳᠠᠯᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠪᠠᠨ ᠬᠢᠨᠠᠮᠠᠭᠠᠶ ᠨᠠᠷᠢᠯᠢᠭᠵᠢᠭᠤᠯᠤᠨ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠭᠤᠷᠪᠠᠨ ᠲᠠᠯ᠎ᠠ ᠪᠠᠷ ᠠᠬᠢᠭᠤᠯᠬᠤ ᠶᠢ ᠱᠠᠭᠠᠷᠳᠠᠪᠠ᠄ ᠨᠢᠭᠡ ᠳᠤ᠂ ᠠᠵᠢᠯ ᠤᠨ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠳᠤᠲᠠᠭᠤᠳᠠᠯ ᠢᠶᠠᠨ ᠤᠯᠠᠮ ᠨᠢᠭᠡ ᠠᠯᠬᠤᠮ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠴᠢᠩᠭᠠᠳᠬᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦ ᠪᠠᠨ ᠪᠠᠬᠢᠵᠢᠭᠦᠯᠬᠦ ᠬᠡᠷᠡᠭᠲᠡᠶ︔ ᠬᠤᠶᠠᠷ  ᠲᠤ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠢᠯᠣᠭᠤᠳᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠷᠢ ᠠᠴᠠ ᠪᠠᠨ ᠬᠡᠳᠤᠷᠠᠵᠤ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ︔ ᠭᠤᠷᠪᠠ ᠳᠤ᠂ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠵᠢᠯ ᠤᠨ ᠰᠡᠳᠭᠢᠬᠦᠶ ᠪᠠ ᠠᠷᠭ᠎ᠠ ᠬᠡᠯᠪᠡᠷᠢ ᠪᠠᠷ ᠰᠢᠰᠲ᠋ᠧᠮ ᠲᠠᠢ ᠰᠢᠨᠵᠢᠯᠡᠬᠦ ᠤᠬᠠᠭᠠᠨᠴᠢ ᠨᠡᠶᠢᠭᠡᠮ ᠤᠨ ᠠᠵᠢᠯ ᠤᠨ ᠰᠢᠰᠲ᠋ᠧᠮ ᠢ ᠪᠥᠬᠦ ᠬᠦᠴᠦᠨ ᠢᠶᠠᠷ ᠪᠠᠶᠢᠭᠤᠯᠵᠤ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠠᠢ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号