︽ᠠᠯᠠᠱᠠ ᠠᠶᠢᠮᠠᠭ ᠤᠨ ︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶﹀᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠣᠬᠠᠢ ᠬᠡᠷᠡᠭᠵᠢᠭᠦᠯᠬᠦ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/2
    ᠨᠢᠭᠡ᠂ ᠲᠥᠷᠥ ᠶᠢᠨ ᠪᠣᠳᠣᠯᠭ᠎ᠠ ᠶᠢ ᠳᠣᠭᠳᠠᠭᠠᠭᠰᠠᠨ ᠠᠬᠤᠢ ᠪᠠᠶᠢᠳᠠᠯ     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾᠎ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ ᠪᠠ ᠬᠠᠮᠢᠶᠠᠷᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠳᠤᠮᠳᠠᠬᠢ ᠲᠤᠯᠭᠠᠭᠤᠷᠢᠯᠠᠬᠤ ᠪᠠ ᠬᠥᠲᠥᠯᠦᠨ ᠳᠠᠭᠠᠭᠤᠯᠬᠤ ᠦᠢᠯᠡᠳᠦᠯ ᠢ ᠳᠦᠷᠭᠡᠳᠭᠡᠬᠦ ᠶᠢᠨ ᠳᠣᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠠᠯᠠᠱᠠ ᠠᠶᠢᠮᠠᠭ ᠤᠨ ︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ  ᠪᠠᠶᠢᠭᠤᠯᠬᠤ ᠬᠥᠲᠥᠯᠪᠦᠷᠢ ︵2021 —2035 ᠣᠨ︶﹀᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠣᠬᠠᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶᠎ ᠎ ᠢ ᠲᠤᠭᠤᠷᠪᠢᠵᠤ᠂ ᠮᠡᠳᠡᠯᠭᠡ  ᠶᠢᠨ ᠪᠦᠲᠦᠭᠡᠭᠳᠡᠬᠦᠨ ᠎ ᠤ ᠥᠮᠴᠢᠯᠡᠬᠦ ᠡᠷᠬᠡ  ᠎ ᠶᠢᠨ ᠬᠦᠴᠦᠷᠬᠡᠭ ᠠᠶᠢᠮᠠᠭ ᠎ ᠢ ᠪᠥᠲᠥᠭᠡᠨ ᠪᠠᠶᠢᠭᠤᠯᠬᠤ  ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃     ᠬᠤᠶᠠᠷ᠂ ᠬᠥᠭᠵᠢᠯᠲᠡ ᠶᠢᠨ ᠬᠠᠷᠠᠯᠲᠠ     ︽ᠬᠡᠷᠡᠭᠵᠢᠭᠦᠯᠬᠦ ᠲᠥᠰᠦᠯ︾᠎ ᠳᠤ ︽ᠬᠤᠶᠠᠷ ᠠᠯᠬᠤᠮ ᠢᠶᠠᠷ ᠶᠠᠪᠤᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠷᠠᠳᠪᠠ᠄ 2025᠎ ᠤᠨ ᠪᠣᠯᠬᠤ ᠳᠤ᠂ ᠠᠯᠠᠱᠠ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠠᠮᠠᠭᠠᠯᠠᠯᠲᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠷᠢᠮ ᠢ ᠰᠢᠨᠡᠴᠢᠯᠡᠬᠦ ᠶᠢ ᠤᠷᠮᠠᠰᠢᠭᠤᠯᠬᠤ ᠦᠨᠳᠦᠰᠦᠨ ᠪᠠᠲᠤᠯᠠᠭ᠎ᠠ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷ ᠤᠨ ᠥᠷᠲᠡᠭ ᠢ ᠪᠡᠶᠡᠯᠡᠭᠦᠯᠵᠦ᠂ ᠭᠠᠵᠠᠷ ᠵᠦᠶ ᠶᠢᠨ  ᠳᠡᠮᠳᠡᠭ ᠤᠨ ᠲᠤᠭ᠎ᠠ ᠬᠡᠮᠵᠢᠶ᠎ᠡ ᠨᠡᠶᠢᠲᠡ 10 ᠪᠣᠯᠵᠣ᠂ ᠲᠦᠮᠡᠨ ᠬᠥᠮᠦᠨ ᠨᠢᠭᠡᠪᠦᠷᠢ ᠶᠢᠨ ᠥᠨᠳᠥᠷ ᠥᠷᠲᠡᠭ ᠲᠠᠢ ᠡᠭᠦᠳᠦᠯᠲᠡ ᠶᠢᠨ ᠲᠤᠰᠬᠠᠶ ᠠᠰᠢᠭ ᠤᠨ ᠲᠤᠭ᠎ᠠ ᠶᠢ ᠨᠡᠶᠢᠲᠡ 1.8 ᠪᠣᠯᠭᠠᠵᠤ ᠂ ᠣᠨ ᠤ ᠬᠡᠪᠯᠡᠯ ᠤᠨ ᠡᠷᠬᠡ ᠶᠢᠨ ᠳᠡᠩᠰᠡᠯᠡᠯᠲᠡ ᠶᠢᠨ ᠲᠤᠭ᠎ᠠ ᠬᠡᠮᠵᠢᠶ᠎ᠡ ᠶᠢ 150 ᠪᠣᠯᠭᠠᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭ᠎ᠠ ᠶᠢᠨ ᠪᠠᠯᠠ ᠲᠣᠬᠢᠷᠠᠭᠤᠯᠭ᠎ᠠ ᠶᠢᠨ ᠵᠣᠭᠤᠰ ᠤᠨ ᠲᠤᠭ᠎ᠠ ᠶᠢ ᠨᠡᠶᠢᠲᠡ 1 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ 2035 ᠣᠨ ᠪᠣᠯᠬᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠴᠢᠨᠠᠷ ᠰᠠᠶᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠲᠣᠪᠤᠶᠢᠮ᠎ᠠ ᠪᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠦᠢᠯᠡᠰ ᠤᠨ ᠬᠥᠭᠵᠢᠯᠲᠡ ᠶᠢ ᠨᠠᠩ ᠨᠢᠭᠲᠠ ᠠᠭᠤᠰᠤᠯᠴᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠠᠶᠢᠮᠠᠭ ᠢ ᠪᠥᠬᠦ ᠲᠠᠯ᠎ᠠ ᠪᠠᠷ ᠪᠠᠶᠢᠭᠤᠯᠤᠨ᠎ᠠ᠃     ᠭᠤᠷᠪᠠ᠂ ᠲᠣᠭᠲᠠᠭᠠᠭᠰᠠᠨ ᠦᠨᠳᠦᠰᠦᠯᠡᠯ     1. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶︾     2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶﹀᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾     ᠳᠥᠷᠪᠡ᠂ ᠭᠤᠤᠯ ᠠᠷᠭ᠎ᠠ ᠬᠡᠮᠵᠢᠶ᠎ᠡ     ︽ᠬᠡᠷᠡᠭᠵᠢᠭᠦᠯᠬᠦ ᠲᠥᠰᠦᠯ︾᠎ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠭᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶﹀᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾᠎ ᠢ ᠪᠥᠬᠦ ᠲᠠᠯ᠎ᠠ ᠪᠠᠷ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ︽ᠠᠯᠠᠱᠠ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ︾᠎ ᠲᠠᠢ ᠵᠣᠯᠭᠠᠭᠤᠯᠵᠤ᠂ ᠲᠠᠪᠤᠨ ᠶᠡᠭᠡ ᠭᠤᠤᠯᠳᠠᠯᠭ᠎ᠠ ᠲᠠᠢ ᠡᠭᠦᠷᠭᠡ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ᠂ ᠠᠷᠪᠠᠨ ᠵᠢᠷᠭᠤᠭᠠᠨ ᠵᠦᠢᠯ ᠤᠨ ᠪᠣᠳᠠᠲᠠᠶ ᠠᠷᠭ᠎ᠠ ᠬᠡᠮᠵᠢᠶ᠎ᠡ ᠪᠠ ᠭᠤᠷᠪᠠᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠃    ᠨᠢᠭᠡ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠠᠯᠠᠱᠠ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠳᠡᠳᠬᠦᠬᠦ ᠪᠠ ᠱᠠᠩᠨᠠᠬᠤ ᠠᠷᠭ᠎ᠠ︾᠎ ᠶᠢ ᠤᠬᠠᠭᠤᠯᠤᠨ ᠳᠣᠣᠱᠯᠠᠭᠤᠯᠬᠤ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠡᠳᠬᠦᠬᠦ᠂ ᠬᠥᠲᠥᠯᠥᠨ ᠵᠢᠯᠣᠭᠤᠳᠬᠤ ᠪᠠ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠰᠢᠨ᠎ᠡ ᠪᠠᠷ ᠬᠥᠭᠵᠢᠭᠰᠡᠨ ᠬᠦᠷᠢᠶ᠎ᠡ ᠪᠠ ᠣᠨᠴᠠ ᠲᠣᠭᠲᠠᠭᠰᠠᠨ ᠬᠦᠷᠢᠶ᠎ᠡ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠠᠴᠠ ᠬᠢᠨᠠᠨ ᠬᠠᠮᠢᠶᠠᠷᠬᠤ᠂ ᠨᠡᠶᠢᠭᠡᠮ ᠠᠴᠠ ᠬᠢᠨᠠᠯᠲᠠ ᠲᠠᠯᠪᠢᠬᠤ᠂ ᠠᠵᠢᠯ ᠲᠥᠷᠥᠯ ᠥᠪᠡᠷ ᠢ ᠪᠠᠨ ᠱᠠᠭᠠᠷᠳᠠᠬᠤ᠂ ᠪᠠᠶᠢᠭᠤᠯᠤᠮᠵᠢ ᠥᠪᠡᠷᠲᠡᠭᠡᠨ ᠵᠠᠰᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠣᠰᠤᠭ᠎ᠠ ᠴᠣᠭᠴᠠᠲᠤ ᠬᠢᠨᠠᠨ ᠬᠠᠮᠢᠶᠠᠷᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃     ᠬᠤᠶᠠᠷ ᠲᠤ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠤᠯᠭᠠᠭᠤᠷᠢᠯᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠲᠥᠪ ᠭᠤᠣᠯᠴᠢ ᠡᠷᠬᠡ ᠨᠠᠶᠢᠳᠠᠪᠣᠷᠢᠳᠠᠢ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠢ᠂ ᠲᠥᠪ ᠭᠤᠣᠯᠴᠢ᠂ ᠢᠯᠡ ᠲᠣᠳᠣ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠬᠦ᠂ ᠪᠠᠶᠢᠴᠠᠭᠠᠨ ᠬᠡᠷᠡᠭᠵᠢᠭᠦᠯᠬᠦ ᠳᠤ ᠬᠠᠮᠵᠢᠯᠴᠠᠬᠤ᠂ ᠬᠠᠮᠲᠤᠷᠠᠨ ᠬᠠᠤᠯᠢ ᠬᠡᠷᠡᠭᠵᠢᠭᠦᠯᠵᠦ ᠬᠠᠮᠠᠭᠠᠯᠠᠬᠤ᠂ ᠦᠷ᠎ᠡ ᠳ᠋ᠦᠩ ᠢ ᠬᠠᠷᠢᠯᠴᠠᠨ ᠮᠡᠳᠡᠷᠡᠵᠦ ᠬᠠᠮᠲᠤ ᠪᠠᠷ ᠡᠳ᠋ᠯᠡᠬᠦ ᠬᠠᠮᠵᠢᠯᠴᠠᠨ ᠬᠠᠮᠠᠭᠠᠯᠠᠬᠤ ᠪᠠᠶᠢᠷᠢᠰᠢᠯ ᠢ ᠪᠦᠷᠢᠨᠰᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ︽ᠲᠡᠮᠦᠷ ᠨᠢᠳᠣᠷᠭ᠎ᠠ︾᠂ ︽ᠰᠡᠯᠡᠮ᠎ᠡ ᠲᠣᠣᠷ︾᠂ ︽ᠯᠦᠩ ᠲᠧᠩ︾ ᠪᠠ ᠦᠷ᠎ᠡ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠤᠷᠭᠤᠮᠠᠯ ᠤᠨ ᠰᠢᠨ᠎ᠡ ᠲᠥᠷᠥᠯ ᠵᠦᠢᠯ ᠢ ᠬᠠᠮᠠᠭᠠᠯᠠᠬᠤ ᠵᠡᠷᠭᠡ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠠᠸᠠᠷ ᠤᠨ ᠲᠡᠮᠳᠡᠭ ᠢ ᠮᠠᠭᠤ ᠰᠠᠨᠠᠭ᠎ᠠ ᠪᠠᠷ ᠳᠠᠩᠰᠠᠯᠠᠬᠤ᠂ ᠬᠡᠪ ᠤᠨ ᠪᠤᠰᠤ ᠲᠤᠰᠬᠠᠶ ᠠᠰᠢᠭ ᠭᠤᠶᠤᠴᠢᠯᠠᠬᠤ ᠵᠢᠴᠢ ᠮᠠᠭᠤ ᠰᠠᠨᠠᠭᠠᠲᠤ ᠵᠠᠷᠭᠤ ᠬᠢᠬᠦ ᠵᠡᠷᠭᠡ ᠦᠢᠯᠡ ᠠᠵᠢᠯᠯᠠᠭ᠎ᠠ ᠶᠢ ᠵᠢᠷᠤᠮᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠪ ᠤᠨ ᠪᠤᠰᠤ ᠠᠰᠢᠭ ᠢ ᠬᠤᠪᠢᠷᠠᠭᠤᠯᠬᠤ ᠭᠤᠶᠤᠴᠢᠯᠠᠯ ᠢ ᠣᠯᠵᠤ ᠮᠡᠳᠡᠬᠦ ᠪᠠ ᠲᠡᠭᠦᠨ ᠳᠤ ᠴᠣᠬᠢᠯᠲᠠ ᠥᠭᠬᠦ ᠨᠠᠷᠢᠯᠢᠭ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠨᠡᠶᠢᠭᠡᠮ ᠠᠴᠠ ᠬᠠᠮᠲᠤ ᠪᠠᠷ ᠵᠠᠰᠠᠬᠤ ᠶᠢ ᠠᠬᠢᠭᠤᠯᠵᠤ᠂ ᠨᠡᠶᠢᠭᠡᠮ ᠤᠨ ᠬᠦᠴᠦᠨ ᠢ ᠳᠠᠶᠢᠴᠢᠯᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠯᠲᠠ ᠳᠤ ᠣᠷᠣᠯᠴᠠᠭᠤᠯᠤᠨ᠎ᠠ᠃     ᠭᠤᠷᠪᠠ ᠳᠤ᠂ ᠰᠢᠨ᠎ᠡ ᠶᠢ ᠡᠭᠦᠳᠬᠦ ᠶᠢ ᠤᠷᠮᠠᠰᠢᠭᠤᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭᠠᠨ ᠤ ᠲᠣᠭᠲᠠᠴᠠ ᠶᠢ ᠬᠦᠴᠦᠯᠡᠨ ᠪᠠᠶᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠮᠢᠳᠤ ᠪᠣᠳᠠᠰ ᠡᠮ ᠡᠮᠨᠡᠯᠭᠡ ᠶᠢᠨ ᠠᠵᠤ ᠦᠢᠯᠡᠰ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠣᠭᠤᠷᠢᠨ ᠳᠤ ᠨᠠᠷᠢᠯᠢᠭ ᠣᠨᠣᠪᠴᠢᠳᠠᠢ ᠦᠢᠯᠡᠴᠢᠯᠡᠭᠡ ᠬᠠᠩᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠳᠡᠸᠡᠷ ᠤᠨ ᠳᠡᠮᠳᠡᠭ ᠤᠨ ᠨᠡᠷᠡᠳᠣ ᠳᠥᠷᠦᠯ ᠳᠡᠮᠳᠡᠭᠳᠦ ᠶᠢᠨ ᠪᠠᠶᠢᠯᠳᠣᠬᠤ ᠪᠤᠳᠣᠯᠭ᠎ᠠ ᠶᠢ ᠭᠡᠷᠡᠭᠵᠢᠬᠦᠯᠬᠦ ᠪᠠᠷ ᠬᠠᠷᠡᠯᠳᠡ ᠶᠢᠨ ᠣᠳᠣᠷᠢᠳᠣᠮᠵᠢ ᠪᠤᠯᠭᠠᠵᠦ᠂ ᠨᠡᠷᠡᠳᠣ ᠳᠥᠷᠦᠯ ᠳᠡᠮᠳᠡᠭᠳᠦ ᠶᠢᠨ ᠣᠯᠡᠨ ᠨᠡᠶᠢᠲᠡ ᠳᠤ ᠢᠳᠡᠭᠡᠬᠦᠯᠬᠦ ᠬᠦᠴᠣᠨ᠂ ᠮᠡᠳᠡᠷᠡᠴᠡ ᠶᠢᠨ ᠭᠡᠮᠵᠢᠶ᠎ᠠ ᠶᠢ ᠣᠯᠡᠮ ᠨᠢᠭᠡ ᠠᠯᠬᠤᠮ ᠳᠡᠭᠡᠭᠰᠢᠯᠡᠬᠦᠯᠥᠨ᠎ᠠ᠃ ᠣᠨᠴᠠᠯᠢᠠᠠᠳᠦ ᠮᠠᠯ ᠤᠨ ᠠᠰᠢᠭ ᠰᠢᠮ᠎ᠡ ᠳᠡᠷᠢᠶᠡᠯᠡᠩ ᠤᠨ ᠪᠦᠳᠦᠭᠡᠭᠳᠡᠬᠦᠨ ᠤ  ᠨᠡᠷᠡᠳᠣ ᠳᠥᠷᠦᠯ ᠳᠡᠮᠳᠡᠭᠳᠦ ᠶᠢ ᠬᠦᠴᠦᠷᠭᠡᠭᠵᠢᠬᠦᠯᠥᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ ᠂ ᠮᠠᠨ ᠤ ᠠᠶᠢᠮᠠᠭ ᠤᠨ ᠳᠤᠮᠳᠠᠳᠤ ᠧᠦ᠋ᠷᠣᠫᠠ ᠶᠢᠨ ᠭᠠᠵᠠᠷ ᠵᠦᠶ ᠶᠢᠨ ᠲᠡᠮᠳᠡᠭ ᠤᠨ ᠬᠡᠯᠡᠯᠴᠡᠭᠡᠷ ᠤᠨ ᠨᠠᠷᠢᠨ ᠲᠠᠩᠰᠠ ᠳᠤ ᠰᠣᠩᠭᠤᠭᠳᠠᠭᠰᠠᠨ ︽ᠠᠯᠠᠱᠠ ᠶᠢᠨ ᠬᠤᠤᠰ ᠪᠥᠬᠦᠲᠦ ᠲᠡᠮᠡᠭᠡ︾᠂ ︽ᠠᠯᠠᠱᠠ ᠶᠢᠨ ᠴᠠᠭᠠᠨ ᠨᠣᠯᠤᠤᠷ ᠤᠨ ᠢᠮᠠᠭ᠎ᠠ︾ ᠵᠡᠷᠭᠡ 2 ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢ ᠰᠠᠶᠢᠲᠤᠷ ᠬᠢᠨ᠎ᠠ᠃ ᠮᠡᠳᠡᠯᠭᠡ ᠶᠢᠨ ᠪᠦᠲᠦᠭᠡᠭᠳᠡᠭᠦᠨ ᠤ ᠡᠷᠬᠡ ᠶᠢᠨ ᠭᠠᠳᠠᠭᠠᠲᠤ ᠲᠠᠢ ᠬᠤᠯᠪᠤᠭᠳᠠᠬᠤ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃     ᠳᠥᠷᠪᠡ ᠳᠤ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭᠠᠨ ᠤ ᠦᠢᠯᠡᠴᠢᠯᠡᠭᠡ ᠶᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠦᠢᠯᠡᠴᠢᠯᠡᠭᠡ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠬᠦᠲᠦᠯᠦᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠦᠬᠦ ᠴᠤᠪᠤᠷᠠᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃     ᠲᠠᠪᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠥᠮᠦᠨ ᠰᠣᠶᠣᠯ ᠤᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠣᠶᠢᠯᠠᠭᠠᠭᠳᠠᠬᠤᠨ ᠢ ᠵᠤᠵᠠᠭᠠᠳᠬᠠᠵᠤ᠂ ᠠᠷᠠᠳ ᠢᠷᠭᠡᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠬᠠᠮᠰᠠᠷ ᠠᠴᠠ ᠪᠠᠨ ᠬᠦᠨᠳᠦᠳᠬᠡᠨ ᠬᠠᠮᠠᠭᠠᠯᠠᠬᠤ ᠳᠠᠳᠬᠠᠯ ᠢ ᠬᠥᠮᠦᠵᠢᠭᠦᠯᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠨ ᠬᠠᠮᠠᠭᠠᠯᠠᠬᠤ ᠨᠡᠶᠢᠭᠡᠮ ᠤᠨ ᠬᠠᠷᠢᠭᠤᠴᠠᠯᠭ᠎ᠠ ᠶᠢ ᠨᠢ ᠤᠬᠠᠮᠰᠠᠷ ᠠᠴᠠ ᠪᠠᠨ ᠭᠦᠢᠴᠡᠳᠭᠡᠭᠦᠯᠵᠦ᠂ ᠴᠢᠬᠤᠯᠠ ᠶᠡᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠯ᠎ᠡ ᠲᠥᠷᠥᠯ ᠤᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠥᠨᠳᠥᠷ ᠬᠢᠷᠢ ᠲᠦᠪᠰᠢᠨ ᠪᠦᠬᠦᠢ ᠡᠩᠨᠡᠭᠡ ᠶᠢ ᠣᠷᠣᠭᠤᠯᠤᠨ ᠠᠪᠴᠢᠷᠠᠵᠤ ᠬᠥᠮᠥᠵᠢᠭᠦᠯᠦᠨ᠎ᠡ᠃     ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠭᠡᠭ ᠠᠶᠢᠮᠠᠭ ᠢ ᠪᠦᠳᠦᠭᠡᠨ ᠪᠠᠶᠢᠭᠤᠯᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠯᠠᠱᠠ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠡᠰᠡᠭ ᠲᠠᠯ᠎ᠠ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠵᠣᠬᠢᠴᠠᠭᠤᠯᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠬᠤᠰᠢᠭᠤ ︵ ᠣᠷᠣᠨ︶᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ᠃    ᠬᠤᠶᠠᠷ ᠲᠤ᠂ ᠳᠡᠮᠵᠢᠯᠭᠡ ᠪᠠᠲᠤᠯᠠᠭ᠎ᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢ ᠪᠠᠳᠣᠯᠠᠬᠤ ᠳᠦᠷᠢᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠵᠠᠷᠤᠳᠠᠯ ᠢ ᠠᠶᠢᠮᠠᠭ᠂ ᠬᠤᠰᠢᠭᠤ ︵ᠣᠷᠣᠨ︶ ᠬᠤᠶᠠᠷ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ᠂ ᠡᠳ᠋ ᠤᠨ ᠬᠦᠴᠦᠨ ᠢ ᠦᠨᠳᠦᠰᠦᠯᠡᠨ ᠪᠡᠯᠡ ᠮᠥᠩᠭᠦ ᠶᠢᠨ ᠣᠷᠣᠭᠤᠯᠤᠯᠲᠠ ᠶᠢ ᠴᠠᠭ ᠳᠣᠬᠠᠢ ᠳᠤᠨᠢ ᠲᠣᠬᠢᠷᠠᠭᠤᠯᠤᠨ ᠨᠡᠮᠡᠭᠳᠡᠭᠦᠯᠦᠨ᠎ᠡ᠃ ᠡᠳ᠋ ᠤᠨ ᠵᠠᠰᠠᠭ ᠭᠠᠶᠢᠯᠢ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠣᠯᠠᠨ ᠡᠰᠢᠵᠢᠭᠰᠡᠨ᠂ ᠣᠯᠠᠨ ᠠᠷᠭ᠎ᠠ ᠵᠠᠮ ᠪᠦᠬᠦᠢ ᠪᠡᠯᠡ ᠮᠥᠩᠭᠦ ᠶᠢᠨ ᠣᠷᠣᠭᠤᠯᠤᠯᠲᠠ ᠶᠢᠨ ᠰᠢᠰᠲ᠋ᠧᠮᠵᠢ ᠶᠢ ᠪᠣᠶ ᠪᠣᠯᠭᠠᠵᠤ᠂ ᠭᠤᠤᠯᠳᠠᠯᠭ᠎ᠠ ᠪᠠᠨ ᠲᠣᠪᠤᠶᠢᠯᠭᠠᠨ᠂ ᠪᠦᠲᠦᠴᠡ ᠪᠠᠨ ᠰᠢᠯᠢᠳᠡᠭᠵᠢᠭᠦᠯᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃    ᠭᠤᠷᠪᠠ ᠳᠤ᠂ ᠡᠯ᠎ᠡ ᠬᠤᠰᠢᠭᠤ ︵ᠣᠷᠣᠨ︶᠎ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠭᠡᠭ ᠠᠶᠢᠮᠠᠭ ᠢ ᠪᠥᠲᠥᠭᠡᠨ ᠪᠠᠶᠢᠭᠤᠯᠬᠤ ᠠᠵᠢᠯ ᠢ ᠡᠯ᠎ᠡ ᠱᠠᠲᠤᠨ ᠤ ᠤᠳᠤᠷᠢᠳᠬᠤ ᠪᠠᠭ ᠤᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠢ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠭᠡᠭ ᠠᠶᠢᠮᠠᠭ ᠢ ᠪᠥᠲᠥᠭᠡᠨ ᠪᠠᠶᠢᠭᠤᠯᠬᠤ ᠠᠵᠢᠯ ᠢ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠬᠦ ᠪᠠ ᠦᠨᠡᠯᠡᠨ ᠵᠢᠱᠢᠵᠦ ᠳ᠋ᠦᠩᠨᠡᠵᠦ᠂ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠬᠤ ᠬᠡᠷᠡᠭᠲᠡᠶ᠃ ᠡᠯ᠎ᠡ ᠬᠤᠰᠢᠭᠤ ︵ᠣᠷᠣᠨ︶ ᠪᠣᠯᠤᠨ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠲᠣᠰ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠵᠠᠳᠠᠯᠵᠤ᠂ ᠬᠡᠷᠡᠭᠵᠢᠭᠦᠯᠬᠦ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠠᠶᠢᠮᠠᠭ ᠤᠨ ᠨᠠᠮ ᠤᠨ ᠬᠤᠷᠢᠶ᠎ᠠ ᠪᠣᠯᠤᠨ ᠵᠠᠬᠢᠷᠭ᠎ᠠ ᠳᠤ ᠮᠡᠳᠡᠬᠦᠯᠵᠦ ᠵᠢᠭᠠᠪᠤᠷᠢ ᠠᠪᠬᠤ ᠬᠡᠷᠡᠭᠲᠡᠶ᠃     ᠵᠢᠷᠭᠤᠭ᠎ᠠ᠂ ᠲᠣᠭᠲᠠᠭᠠᠭᠰᠠᠨ ᠶᠠᠪᠤᠴᠠ     ︽ᠬᠡᠷᠡᠭᠵᠢᠭᠦᠯᠬᠦ ᠲᠥᠰᠦᠯ︾᠎ ᠢ ᠲᠤᠭᠤᠷᠪᠢᠬᠤ ᠶᠠᠪᠤᠴᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶﹀᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠰᠤᠳᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠬᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠬᠦ ᠶᠢᠨ ᠬᠠᠮᠲᠤ ᠡᠯ᠎ᠡ ᠬᠤᠰᠢᠭᠤ ︵ᠣᠷᠣᠨ︶᠎ ᠶᠢᠨ ᠨᠢᠭᠡᠴᠡ ᠶᠢᠨ ᠬᠤᠯᠪᠣᠭᠳᠠᠯ ᠪᠥᠬᠦᠶ ᠰᠠᠨᠠᠯ ᠢ ᠭᠦᠢᠴᠡᠳ ᠰᠣᠨᠣᠰᠪᠠ᠃    2022 ᠣᠨ ᠤ 11 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ︶﹀᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠬᠠᠶᠢᠯᠠᠪᠠᠯ ᠬᠠᠮᠢᠶ᠎ᠠ ᠪᠥᠬᠦᠶ ᠰᠠᠯᠠᠭ᠎ᠠ ᠲᠠᠰᠤᠭ ᠢ ᠵᠣᠬᠢᠶᠠᠨ ᠪᠠᠶᠢᠭᠤᠯᠤᠨ ︽ᠬᠡᠷᠡᠭᠵᠢᠭᠦᠯᠬᠦ ᠲᠥᠰᠦᠯ︾᠎ ᠤᠨ ᠡᠬᠡ ᠪᠢᠴᠢᠭ ᠲᠣᠭᠲᠠᠭᠠᠬᠤ ᠠᠵᠢᠯ ᠢ ᠥᠷᠨᠢᠭᠦᠯᠵᠦ᠂ ᠲᠠᠰ ᠳᠠᠷᠠᠭᠠᠯᠠᠯ ᠶᠣᠰᠣᠭᠠᠷ ᠡᠯ᠎ᠡ ᠬᠤᠰᠢᠭᠤ ︵ᠣᠷᠣᠨ︶᠎ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠠᠮᠢᠶᠠᠷᠤᠯᠲᠠ ᠶᠢᠨ ᠵᠥᠪᠯᠡᠯ ᠪᠣᠯᠤᠨ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠰᠠᠨᠠᠯ ᠬᠤᠷᠢᠶᠠᠭᠰᠠᠨ ᠪᠥᠭᠡᠳ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠫᠣᠷᠲ᠋ᠧᠯ ᠰᠦᠯᠵᠢᠶᠡᠨ ᠳᠡᠭᠡᠷ᠎ᠡ ᠢᠯᠡ ᠪᠠᠷ ᠰᠠᠨᠠᠯ ᠬᠤᠷᠢᠶᠠᠵᠤ᠂ 2023 ᠣᠨ ᠤ 8 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯ᠎ᠠ᠂ ᠡᠯ᠎ᠡ  ᠨᠢᠬᠡᠴᠡ ᠶᠢᠨ ᠬᠢᠨ ᠵᠠᠰᠠᠪᠤᠷᠢ ᠣᠷᠣᠭᠤᠯᠬᠤ ᠰᠠᠨᠠᠯ ᠢᠶᠠᠨ ᠬᠠᠷᠢᠭᠤ ᠲᠤᠰᠬᠠᠪᠠ᠃ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ᠂ ︽ᠬᠡᠷᠡᠭᠵᠢᠭᠦᠯᠬᠦ ᠲᠥᠰᠦᠯ︾᠎ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2023 ᠣᠨ ᠤ 8 ᠰᠠᠷ᠎ᠠ ᠶᠢᠨ 21᠎ ᠤ ᠡᠳᠦᠷ᠂ ᠠᠶᠢᠮᠠᠭ ᠤᠨ ᠰᠢᠭᠤᠳ ᠬᠠᠷᠢᠶ᠎ᠠ 14 ᠬᠤᠯᠪᠣᠭᠳᠠᠯ ᠪᠥᠬᠦᠶ ᠨᠢᠭᠡᠴᠡ ᠶᠢᠨ ᠬᠠᠮᠢᠶ᠎ᠠ ᠪᠥᠬᠦᠶ ᠬᠦᠷᠢᠶᠡᠨ ᠳᠠᠬᠢ ᠲᠤᠰᠬᠠᠶ ᠮᠡᠷᠭᠡᠵᠢᠯᠲᠡᠨ᠂ ᠲᠤᠰᠬᠠᠶ ᠲᠤᠰᠢᠶᠠᠯᠲᠤ 14 ᠬᠠᠤᠯᠢᠴᠢ ᠶᠢ ᠤᠷᠢᠵᠤ ︽ᠬᠡᠷᠡᠭᠵᠢᠭᠦᠯᠬᠦ ᠲᠥᠰᠦᠯ︾᠎ ᠳᠤ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ ᠨᠤᠲᠠᠯᠠᠯᠲᠠ ᠬᠢᠯᠬᠡᠵᠦ᠂ ᠲᠦᠭᠰᠢᠭᠦᠷᠢᠲᠦ ᠴᠢᠨᠠᠷ ᠢ ᠦᠨᠡᠯᠡᠨ ᠵᠢᠱᠢᠭᠦᠯᠦᠭᠰᠡᠨ ᠪᠥᠭᠡᠳ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠬᠢᠯᠭᠡᠪᠡ᠃ 2023 ᠣᠨ ᠤ 9 ᠰᠠᠷ᠎ᠠ ᠶᠢᠨ 8᠎ ᠤ ᠡᠳᠦᠷ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ︽ᠬᠡᠷᠡᠭᠵᠢᠭᠦᠯᠬᠦ ᠲᠥᠰᠦᠯ︾᠎ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠵᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠳᠠ ᠶᠢᠨ ᠰᠠᠨᠠᠯ ᠶᠣᠰᠣᠭᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ᠂ 9 ᠰᠠᠷ᠎ᠠ ᠶᠢᠨ 25᠎ ᠤ ᠡᠳᠦᠷ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠵᠦᠪᠯᠡᠵᠦ ᠪᠠᠳᠣᠯᠠᠭᠠᠳ᠂ 9 ᠰᠠᠷ᠎ᠠ ᠶᠢᠨ 27᠎ ᠤ ᠡᠳᠦᠷ ᠲᠣᠰ ︽ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠪᠠ᠃    ᠬᠠᠮᠢᠶ᠎ᠠ ᠪᠦᠬᠦᠢ ᠪᠢᠴᠢᠭ ᠮᠠᠲ᠋ᠧᠷᠢᠶᠠᠯ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号