ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠲᠥᠰᠦᠯ ᠨᠡᠶᠢᠲᠡᠯᠡᠵᠠᠢ
ᠨᠡᠶᠢᠲᠡᠯᠡᠭᠰᠡᠨ ᠴᠠᠭ᠄
2024/4/2
    ᠤᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ︽ᠠᠷᠪᠢᠯᠠᠵᠥ ᠠᠮᠢᠳᠤᠷᠠᠬᠤ ᠳᠠᠳᠬᠠᠯ ᠲᠠᠢ ᠪᠣᠯᠬᠤ ᠴᠢᠬᠤᠯᠠ ᠱᠠᠭᠠᠷᠳᠠᠯᠭ᠎ᠠ ᠶᠢ ᠤᠯᠠᠮ ᠴᠢᠨᠠᠬᠰᠢᠳᠠ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠳᠦᠬᠦᠮᠴᠢᠯᠡᠨ᠎ᠡ︶ ᠢ ᠨᠡᠶᠢᠲᠡᠯᠡᠵᠥ᠂ ᠲᠥᠰᠦᠪ ᠢ ᠴᠢᠩᠭ᠎ᠠ ᠬᠦᠢᠴᠡᠳᠬᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠵᠢᠷᠤᠮᠵᠢᠭᠤᠯᠬᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠬᠤ᠂ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠬᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ 7 ᠲᠠᠯ᠎ᠠ ᠪᠠᠷ ᠲᠣᠳᠣᠷᠬᠠᠶ ᠲᠣᠭᠲᠠᠭᠠᠯ ᠭᠠᠷᠭᠠᠵᠥ᠂ ᠠᠷᠪᠢᠯᠠᠵᠥ ᠠᠮᠢᠳᠤᠷᠠᠬᠤ ᠱᠠᠭᠠᠷᠳᠠᠯᠭ᠎ᠠ ᠶᠢ ᠡᠳᠦᠷ ᠲᠤᠲᠤᠮ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠥᠬᠦ ᠶᠠᠪᠤᠴᠠ᠂ ᠡᠯ᠎ᠡ ᠳᠠᠯ᠎ᠠ ᠳᠤ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠥ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠵᠤ ᠠᠮᠢᠳᠤᠷᠠᠬᠤ ᠶᠢ ᠪᠠᠶᠢᠭᠤᠯᠭ᠎ᠠ ᠶᠢᠨ ᠶᠠᠪᠤᠳᠠᠯ ᠤᠨ ᠰᠢᠰᠲ᠋ᠧᠮ ᠳᠤ ᠳᠠᠳᠬᠠᠯ ᠪᠠ ᠬᠡᠪ ᠤᠨ ᠪᠠᠶᠢᠳᠠᠯ ᠪᠣᠯᠭᠠᠬᠤ ᠶᠢ ᠠᠬᠢᠭᠤᠯᠪᠠ᠃    ︽ᠲᠥᠰᠦᠯ︾ ᠳᠤ᠂ ᠲᠥᠷᠥᠯ ᠵᠦᠢᠯ ᠤᠨ ᠵᠠᠷᠤᠯᠭ᠎ᠠ ᠳᠤ ᠪᠥᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠦᠨᠡᠯᠡᠭᠰᠡᠨ ᠦᠷ᠎ᠡ ᠳ᠋ᠦᠩ ᠢ ᠲᠥᠰᠦᠪ ᠤᠨ ᠲᠣᠬᠢᠷᠠᠭᠤᠯᠤᠯᠲᠠ ᠲᠠᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠎ᠠ᠃ ᠲᠥᠰᠦᠪ ᠢ ᠭᠦᠢᠴᠡᠳᠭᠡᠭᠰᠡᠨ ᠠᠬᠢᠴᠠ ᠶᠢ ᠰᠠᠷ᠎ᠠ ᠪᠠᠷ ᠨᠡᠶᠢᠳᠡᠯᠡᠵᠥ᠂ ᠭᠤᠷᠪᠠᠨ ᠰᠠᠷ᠎ᠠ ᠳᠠᠷᠠᠭᠠᠯᠠᠨ ᠵᠠᠷᠤᠯᠭ᠎ᠠ ᠶᠢᠨ ᠠᠬᠢᠴᠠ ᠨᠢ ᠬᠠᠮᠤᠭ ᠤᠨ ᠳᠤᠤᠷ᠎ᠠ ᠱᠠᠭᠠᠷᠳᠠᠯᠭ᠎ᠠ ᠳᠤ ᠬᠦᠷᠦᠭᠰᠡᠨ ᠦᠬᠡᠢ ᠮᠥᠷᠲᠡᠭᠡᠨ ᠭᠦᠢᠴᠡᠳ ᠰᠢᠯᠲᠠᠭᠠᠨ ᠦᠭᠡᠢ ᠪᠤᠯ᠂ ᠵᠠᠷᠤᠳᠠᠯ ᠢ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠬᠡᠷᠡᠭᠯᠡᠨ᠎ᠡ᠃ ᠵᠢᠯ ᠤᠨ ᠡᠴᠦᠰ ᠤᠨ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠨᠢ ᠨᠡᠯᠢᠶᠡᠳ ᠠᠷᠪᠢᠨ ᠪᠥᠭᠡᠳ ᠵᠦᠶ ᠵᠣᠬᠢᠰᠲᠠᠶ ᠰᠢᠯᠲᠠᠭᠠᠨ ᠥᠬᠡᠶ ᠪᠠᠶᠢᠪᠠᠯ᠂ ᠲᠠᠷᠠᠭᠠᠴᠢ ᠶᠢᠨ ᠵᠢᠯ ᠤᠨ ᠲᠥᠰᠦᠪ ᠤᠨ ᠲᠣᠬᠢᠷᠠᠭᠤᠯᠤᠯᠲᠠ ᠶᠢᠨ ᠪᠠᠯᠠ ᠮᠥᠩᠭᠦ ᠶᠢ ᠵᠣᠬᠢᠬᠤ ᠬᠠᠷᠢᠴᠠᠯ ᠢᠶᠠᠷ ᠳᠣᠭᠢᠷᠠᠭᠤᠯᠤᠨ ᠬᠠᠰᠤᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠪᠠᠷ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢᠨ ᠵᠦᠢᠯᠡᠰ ᠤᠨ ᠴᠢᠬᠤᠯᠠ ᠴᠢᠨᠠᠷ᠂ ᠵᠦᠢ ᠶᠣᠰᠣᠴᠢ ᠴᠢᠨᠠᠷ ᠢ ᠴᠢᠩᠭ᠎ᠠ ᠬᠢᠨᠠᠨ ᠬᠠᠷᠭᠤᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡᠨ ᠳᠤ ᠲᠤᠰᠤ ᠨᠡᠮᠡᠬᠦ᠂ ᠰᠡᠯᠪᠢᠨ ᠵᠠᠰᠠᠬᠤ᠂ ᠳᠠᠭᠠᠳᠬᠠᠯ ᠳᠤ ︽ᠭᠤᠷᠪᠠᠨ ᠲᠤᠬᠳᠠᠬᠰᠡᠨ ᠴᠡᠭ︾ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠡᠷᠡᠭᠵᠢᠭᠦᠯᠵᠦ᠂ ᠠᠯᠪᠠᠨ ᠶᠠᠪᠤᠳᠠᠯ ᠤᠨ ᠵᠣᠴᠢᠯᠠᠭ᠎ᠠ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠵᠠᠰᠠᠭ ᠤᠨ ᠪᠠᠶᠢᠭᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠤᠨ ᠵᠣᠴᠢᠯᠠᠭ᠎ᠠ ᠶᠢᠨ ᠬᠠᠮᠢᠶᠠᠷᠤᠯᠲᠠ ᠶᠢᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢᠨ ᠪᠣᠭᠤᠮᠲᠠ ᠶᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠵᠠᠷᠤᠵᠤ ᠪᠣᠯᠬᠤ ᠦᠭᠡᠢ ᠵᠣᠭᠤᠰ ᠢ ᠶᠠᠭᠠᠬᠢᠭᠰᠠᠨ ᠴᠤ ᠵᠠᠷᠤᠬᠤ ᠦᠭᠡᠢ ᠪᠠᠶᠢᠬᠤ ᠭᠡᠷᠡᠭᠳᠠᠢ ᠭᠡᠵᠤ ᠱᠠᠭᠠᠷᠳᠠᠪᠠ᠃    ︽ᠲᠥᠰᠦᠯ︾ ᠳᠤ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠯᠪᠠᠨ ᠤ ᠰᠢᠷᠡᠭᠡ ᠰᠠᠨᠳᠠᠯᠢ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠵᠡᠷᠭᠡ ᠠᠯᠪᠠᠨ ᠲᠥᠬᠦᠭᠡᠷᠦᠮᠵᠢ ᠨᠢ ᠬᠠᠭᠤᠴᠢᠨ ᠢ ᠵᠠᠰᠠᠵᠤ ᠬᠠᠭᠤᠴᠢᠨ ᠢ ᠠᠰᠢᠭᠯᠠᠬᠤ ᠵᠠᠷᠴᠢᠮ ᠢ ᠪᠠᠷᠢᠮᠲᠠᠯᠠᠵᠤ᠂ ᠺᠠᠳ᠋ᠷ ᠠᠵᠢᠯᠲᠠᠨ ᠠᠵᠢᠯᠴᠢᠨ ᠢ ᠬᠥᠲᠥᠯᠦᠨ ᠵᠢᠯᠣᠭᠤᠳᠴᠤ ᠪᠠᠶᠢᠭᠠᠳ ᠠᠷᠪᠢᠯᠠᠨ ᠭᠠᠮᠨᠠᠬᠤ ᠣᠶᠢᠯᠠᠭᠠᠭᠳᠠᠬᠤᠨ ᠲᠠᠢ ᠪᠣᠯᠭᠠᠵᠤ᠂ ᠠᠷᠪᠢᠯᠠᠨ ᠭᠠᠮᠨᠠᠬᠤ ᠳᠠᠳᠬᠠᠯ ᠲᠠᠢ ᠪᠣᠯᠭᠠᠬᠤ ᠬᠡᠷᠡᠭᠲᠡᠶ᠃ ᠠᠯᠪᠠᠯᠠᠬᠤ ᠬᠡᠷ ᠪᠠᠶᠢᠰᠢᠩ ᠤᠨ ᠳᠠᠯᠳᠠ ᠬᠦᠴᠦᠨ ᠢ ᠦᠷᠭᠦᠯᠵᠢᠯᠡᠨ ᠭᠦᠨᠵᠡᠭᠡᠶ ᠠᠭᠤᠳᠠᠯᠵᠤ᠂ ᠰᠢᠨ᠎ᠡ ᠪᠠᠷ ᠨᠡᠮᠡᠭᠳᠡᠬᠦ ᠠᠯᠪᠠᠯᠠᠬᠤ ᠬᠡᠷ ᠪᠠᠶᠢᠰᠢᠩ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠲᠣᠰ ᠵᠢᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠭᠠᠳᠠᠨ᠎ᠠ ᠲᠦᠷᠢᠶᠡᠰᠦᠯᠡᠭᠰᠡᠨ ᠬᠡᠷ ᠬᠥᠷᠥᠩᠭᠡ ᠶᠢ ᠳᠠᠬᠢᠨ 20% ᠪᠠᠷ ᠬᠠᠰᠤᠵᠤ᠂ ᠲᠦᠷᠢᠶᠡᠰᠦᠨ ᠮᠥᠩᠭᠦ ᠶᠢᠨ ᠵᠠᠷᠤᠯᠭ᠎ᠠ ᠢᠢ ᠠᠷᠪᠢᠯᠠᠬᠤ ᠪᠠᠷ ᠴᠢᠷᠮᠠᠶᠢᠬᠤ ᠬᠡᠷᠡᠭᠲᠡᠶ᠃ ︽ᠨᠠᠮ ᠵᠠᠰᠠᠭ ᠤᠨ ᠶᠡᠭᠡ ᠬᠦᠷᠢᠶᠡᠨ ᠳᠤ ᠪᠠᠷᠢᠯᠭ᠎ᠠ ᠪᠠᠶᠢᠭᠤᠯᠬᠤ ᠦᠭᠡᠢ ᠣᠨ︾ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠶᠡᠭᠡ ᠳᠤᠮᠳᠠ ᠵᠡᠷᠭᠡ ᠶᠢᠨ ᠰᠡᠯᠪᠢᠨ ᠵᠠᠰᠠᠬᠤ ᠲᠥᠷᠥᠯ ᠵᠦᠢᠯ᠂ ᠲᠣᠪᠴᠢᠶ᠎ᠠ ᠳᠤ ᠬᠠᠷᠢᠶᠠᠯᠠᠭᠳᠠᠬᠤ ᠰᠡᠯᠪᠢᠨ ᠵᠠᠰᠠᠬᠤ ᠲᠥᠷᠥᠯ ᠵᠦᠢᠯ ᠢ ᠴᠢᠩᠭ᠎ᠠ ᠬᠢᠨᠠᠨ ᠬᠠᠷᠭᠤᠭᠤᠯᠵᠤ᠂ ᠴᠢᠩᠭ᠎ᠠ ᠬᠠᠮᠢᠶᠠᠷᠴᠤ᠂ ᠴᠢᠬᠤᠯᠠ ᠥᠬᠡᠶ ᠪᠣᠯ ᠬᠡᠷᠡᠭᠵᠢᠭᠦᠯᠬᠦ ᠥᠬᠡᠶ ᠪᠠᠶᠢᠵᠤ᠂ ᠰᠡᠯᠪᠢᠨ ᠵᠠᠰᠠᠵᠤ ᠥᠭᠡᠷᠡᠴᠢᠯᠡᠬᠦ ᠪᠠᠯᠠ ᠮᠥᠩᠭᠦ ᠶᠢ ᠪᠥᠬᠦ ᠲᠠᠯ᠎ᠠ ᠪᠠᠷ ᠠᠷᠪᠢᠯᠠᠵᠤ᠂ ᠠᠷᠪᠢᠯᠠᠵᠤ ᠪᠣᠯᠬᠤ ᠵᠣᠭᠤᠰ ᠢ ᠪᠦᠬᠦᠨ ᠢ ᠠᠷᠪᠢᠯᠠᠬᠤ ᠭᠡᠷᠡᠭᠳᠠᠢ ᠭᠡᠵᠤ ᠲᠤᠳᠤᠷᠬᠠᠢ ᠲᠤᠬᠳᠠᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号