ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 19 ᠤ ᠡᠳᠤᠷ᠂ ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠲᠠᠷᠤᠭ᠎ᠠ ᠪᠠᠢ ᠬᠠᠢ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠭᠤᠤᠯᠳᠠᠯᠭ᠎ᠠ ᠲᠠᠢ ᠡᠭᠦᠷᠭᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠶ ᠡᠵᠡᠮᠳᠡᠵᠦ᠂ ᠡᠯ᠎ᠡ ᠵᠦᠢᠯ ᠤᠨ ᠱᠠᠭᠠᠷᠳᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠤ ᠠᠯᠠᠱᠠ ᠠᠶᠢᠮᠠᠭ ᠤᠨ ᠵᠠᠬᠢᠷᠭ᠎ᠠ ᠶᠢᠨ ᠠᠵᠢᠯ ᠤᠨ ᠲᠦᠷᠢᠮ ᠢ ᠰᠤᠳᠤᠯᠵᠤ᠂ ᠠᠵᠢᠯ ᠤᠨ ᠲᠦᠷᠢᠮ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠠᠯᠬᠤᠮ ᠳᠠᠷᠠᠭ᠎ᠠ ᠶᠢ ᠤᠯᠠᠮ ᠴᠢᠩᠳᠠᠯᠠᠵᠤ᠂ ᠲᠣᠭᠲᠠᠴᠠ ᠶᠢ ᠲᠡᠭᠦᠯᠳᠡᠷᠵᠢᠭᠦᠯᠦᠨ᠂ ᠴᠤᠪᠤᠷᠠᠯ ᠢ ᠨᠠᠷᠢᠯᠢᠬᠵᠢᠭᠤᠯᠵᠤ᠂ ᠵᠠᠬᠢᠷᠭ᠎ᠠ ᠶᠢᠨ ᠡᠯ᠎ᠡ ᠵᠦᠢᠯ ᠤᠨ ᠠᠵᠢᠯ ᠢ ᠨᠠᠩ ᠵᠢᠷᠤᠮᠵᠢᠭᠤᠯᠤᠨ ᠴᠣᠮᠬᠠᠳᠬᠠᠵᠤ᠂ ᠨᠠᠩ ᠥᠨᠳᠥᠷ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠤ ᠠᠯᠠᠱᠠ ᠠᠶᠢᠮᠠᠭ ᠪᠣᠯᠤᠨ ᠦᠬᠠᠢ ᠬᠤᠳᠠ ᠶᠢᠨ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯᠴᠠᠭᠠᠨ ᠤ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠤ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠦᠴᠦᠨ ᠢᠶᠠᠨ ᠲᠦᠪᠯᠡᠷᠡᠭᠦᠯᠵᠦ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠨᠠᠶᠢᠳᠠᠪᠤᠷᠢᠵᠢᠭᠤᠯᠵᠤ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠪᠥᠬᠦ ᠠᠶᠢᠮᠠᠭ ᠤᠨ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠪᠠᠶᠢᠴᠠᠭᠠᠨ ᠴᠡᠭᠴᠡᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠭ ᠢᠮᠠᠭᠲᠠ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ︽ᠪᠠᠶᠢᠴᠠᠭᠠᠬᠤ︾ ᠪᠠ ︽ᠥᠭᠡᠷᠡᠴᠢᠯᠡᠬᠦ︾ ᠲᠣᠭᠤᠷᠢᠨ ᠳᠤ ᠴᠢᠩᠭ᠎ᠠ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠤ ᠳᠠᠯᠳᠠ ᠬᠡᠮ ᠢ ᠪᠠᠶᠢᠴᠠᠭᠠᠨ ᠴᠡᠭᠴᠡᠯᠡᠬᠦ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠤ ᠪᠥᠬᠦ ᠠᠶᠢᠮᠠᠭ ᠤᠨ 2024 ᠣᠨ ᠤ ᠢᠳᠡᠭᠡᠨ ᠤ ᠠᠮᠤᠷ ᠲᠦᠪᠰᠢᠨ ᠤ ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠤ ᠪᠠᠰᠠ ᠪᠤᠰᠤᠳ ᠵᠦᠢᠯ ᠢ ᠰᠣᠳᠣᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号