ᠪᠠᠶ ᠬᠠᠶ ᠯᠢᠨ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾ ᠪᠣᠯᠣᠨ ᠠᠶᠢᠮᠠᠭ ᠤᠨ ᠨᠠᠮ ᠤᠨ ᠬᠤᠷᠢᠶᠠᠨ ᠤ ︽ᠲᠤᠯᠤᠭᠠᠨ ᠶᠡᠭᠡ ᠢᠨᠵᠧᠨᠧᠷᠢᠩ︾ ᠤᠨ ᠠᠵᠢᠯ ᠢ ᠲᠤᠰᠬᠠᠶ ᠰᠡᠳᠦᠪ ᠢᠶᠠᠷ ᠰᠣᠳᠣᠯᠣᠨ ᠠᠬᠢᠭᠤᠯᠪᠠ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾ ᠪᠣᠯᠤᠨ ᠠᠶᠢᠮᠠᠭ ᠤᠨ ᠨᠠᠮ ᠤᠨ ᠬᠤᠷᠢᠶᠠᠨ ᠤ ︽ᠲᠤᠯᠤᠭᠠᠨ ᠶᠡᠭᠡ ᠢᠨᠵᠧᠨᠧᠷᠢᠩ︾ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠶ ᠰᠡᠳᠦᠪ ᠢᠶᠠᠷ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
1.jpg
     ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾ ᠪᠣᠯᠤᠨ ᠠᠶᠢᠮᠠᠭ ᠤᠨ ᠨᠠᠮ ᠤᠨ ᠬᠤᠷᠢᠶᠠᠨ ᠤ ︽ᠲᠤᠯᠤᠭᠠᠨ ᠶᠡᠭᠡ ᠢᠨᠵᠧᠨᠧᠷᠢᠩ︾ ᠢ ᠰᠠᠶᠢᠲᠤᠷ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠥᠬᠦ ᠠᠶᠢᠮᠠᠭ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠣᠨ᠎ᠠ᠂ ᠡᠷᠬᠡᠪᠰᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠭᠤᠤᠯᠳᠠᠯᠭ᠎ᠠ ᠲᠠᠢ ᠠᠬᠢᠭᠤᠯᠤᠨ ᠨᠠᠶᠢᠳᠠᠪᠤᠷᠢᠵᠢᠭᠤᠯᠵᠤ᠂ ᠰᠡᠳᠬᠢᠴᠡ ᠪᠠᠯᠠᠷᠬᠠᠢ᠂ ᠠᠶᠢᠵᠠᠮ ᠣᠳᠠᠭᠠᠨ᠂ ᠡᠷᠴᠢᠮ ᠰᠤᠯᠠ᠂ ᠬᠠᠮᠵᠢᠯᠴᠠᠭ᠎ᠠ ᠰᠠᠶᠢᠨ ᠪᠢᠰᠢ᠂ ᠦᠷ᠎ᠡ ᠪᠦᠲᠦᠮᠵᠢ ᠲᠤᠪᠤᠶᠢᠮ᠎ᠠ ᠪᠤᠰᠤ ᠵᠡᠷᠭᠡ ᠠᠰᠠᠭᠤᠳᠠᠯ ᠢ ᠱᠠᠯᠠᠪᠳᠠᠨ ᠰᠢᠢᠳᠪᠦᠷᠢᠯᠡᠵᠦ᠂ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠲᠦᠷᠦᠭᠦᠯᠡᠨ ᠬᠢᠬᠦ ᠡᠯ᠎ᠡ ᠰᠠᠯᠠᠭ᠎ᠠ ᠮᠥᠴᠢᠷ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠪᠣᠯᠤᠨ ︽ᠲᠤᠯᠤᠭᠠᠨ ᠶᠡᠭᠡ ᠢᠨᠵᠧᠨᠧᠷᠢᠩ︾ ᠢ ᠨᠢᠭᠲᠠ ᠤᠶᠠᠯᠳᠤᠭᠤᠯᠤᠨ ᠨᠢᠭᠡᠳᠦᠯᠲᠡᠶ ᠲᠦᠯᠦᠪᠵᠢᠭᠦᠯᠵᠦ ᠨᠢᠭᠡ ᠴᠣᠭᠴᠠᠵᠢᠭᠤᠯᠤᠨ ᠠᠬᠢᠭᠤᠯᠵᠤ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠣᠰ ᠪᠡᠶ᠎ᠡ ᠶᠢᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢᠶᠠᠨ ᠣᠨᠣᠪᠴᠢᠲᠠᠶ ᠣᠯᠵᠤ᠂ ᠦᠵᠡᠯᠲᠡ ᠪᠠᠨ ᠬᠤᠪᠢᠷᠠᠭᠤᠯᠵᠤ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠬᠦᠴᠢᠷᠳᠡᠯ ᠢ ᠰᠢᠢᠳᠪᠦᠷᠢᠯᠡᠵᠦ᠂ ᠨᠠᠩ ᠶᠡᠭᠡ ᠳᠡᠮᠵᠢᠯᠭᠡ ᠶᠢ ᠡᠷᠢᠯᠬᠢᠯᠡᠵᠦ᠂ ᠠᠯᠠᠱᠠ ᠶᠢᠨ ᠨᠠᠩ ᠣᠯᠠᠨ ᠭᠢᠯᠠᠯᠵᠠᠭᠰᠠᠨ ᠠᠮᠵᠢᠯᠲᠠ ᠶᠢ ᠬᠦᠴᠦᠯᠡᠨ ᠡᠭᠦᠳᠴᠦ᠂ ᠠᠯᠠᠱᠠ ᠶᠢᠨ ᠨᠠᠩ ᠣᠯᠠᠨ ᠣᠨᠴᠠᠯᠢᠭ ᠢ ᠪᠦᠷᠢᠯᠳᠦᠭᠦᠯᠵᠦ᠂ ︽ᠲᠦᠷᠭᠡᠨ︾ ᠢ ᠲᠤᠪᠤᠶᠢᠯᠭᠠᠵᠤ᠂ ᠬᠤᠷᠳᠤᠴᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠴᠦ ᠪᠠᠨ ᠰᠢᠪᠬᠠᠨ ᠤᠷᠢᠳᠴᠢᠯᠠᠨ ᠲᠦᠷᠭᠡᠨ ᠠᠵᠢᠯᠯᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠠᠮᠤᠭ ᠤᠨ ᠶᠡᠭᠡ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     ᠵᠠᠩ ᠰᠢᠶᠤᠤ ᠹᠧᠩ᠂ ᠪᠦᠦ ᠶᠧ᠂ ᠯᠢᠦ ᠳ᠋ᠧ᠂ ᠯᠢᠦ ᠴᠥᠩ ᠰᠢᠶᠤᠤ᠂ ᠯᠢᠦ ᠳ᠋ᠧ ᠼᠦᠢ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号