ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 19 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠱᠦᠵᠢ ᠪᠠᠶ ᠬᠠᠶ ᠯᠢᠨ ᠬᠤᠷᠠᠯ ᠢ ᠡᠷᠭᠢᠯᠡᠪᠡ᠃     ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠵᠠᠰᠠᠭ ᠤᠨ ᠣᠷᠳᠣᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠤᠯᠤᠰ ᠲᠦᠷᠦ᠂ ᠰᠠᠬᠢᠯᠭ᠎ᠠ ᠪᠠᠲᠤ᠂ ᠶᠣᠰᠣ ᠰᠤᠷᠲᠠᠬᠤᠨ᠂ ᠢᠯᠵᠡᠷᠡᠯ ᠢ ᠡᠰᠡᠷᠭᠦᠴᠡᠬᠦ ᠲᠣᠭᠲᠠᠯ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠪᠠᠶᠢᠵᠤ᠂ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠪᠡ᠃     ᠬᠤᠷᠠᠯ ᠠᠴᠠ᠂ ᠰᠤᠷᠤᠯᠴᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠶᠢ ᠬᠢᠵᠦ ᠪᠣᠯᠬᠤ᠂ ᠶᠠᠭᠤ ᠶᠢ ᠬᠢᠵᠦ ᠪᠣᠯᠬᠤ ᠦᠭᠡᠢ᠂ ᠬᠡᠷᠡᠭ ᠢᠶᠠᠷ ᠲᠤᠯᠢ ᠪᠣᠯᠭᠠᠵᠤ᠂ ᠴᠡᠭᠡᠷᠯᠡᠯ ᠪᠣᠯᠭᠠᠵᠤ᠂ ᠪᠡᠶ᠎ᠡ ᠪᠠᠨ ᠪᠠᠷᠢᠵᠤ ᠨᠡᠶᠢᠲᠡ ᠶᠢᠨ ᠲᠥᠯᠥᠭᠡ ᠵᠢᠳᠬᠦᠬᠦ ᠡᠷᠴᠢ ᠵᠣᠷᠢᠭ ᠢᠶᠠᠨ ᠴᠢᠩᠭᠠᠯᠠᠵᠤ᠂ ︽ᠲᠦᠷᠢᠮ︾ ᠢ ᠡᠳᠦᠷ ᠲᠤᠳᠤᠮ ᠤᠨ ᠭᠡᠷᠡᠭᠯᠡᠭᠡᠨ ᠳᠤ ᠦᠯᠦ ᠮᠡᠳᠡᠭᠳᠡᠬᠦ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠵᠤ᠂ ᠵᠠᠬᠢᠷᠭᠠᠨ ᠤ ᠤᠳᠤᠷᠢᠳᠬᠤ ᠪᠠᠭ ᠤᠨ ᠭᠡᠰᠢᠬᠦᠳ ᠲᠦᠷᠦᠭᠦᠯᠡᠨ ᠰᠠᠬᠢᠯᠭ᠎ᠠ ᠪᠠᠲᠤ ᠶᠢ ᠰᠤᠷᠤᠯᠴᠠᠨ ᠰᠠᠬᠢᠯᠭ᠎ᠠ ᠪᠠᠲᠤ ᠶᠢ ᠣᠶᠢᠯᠠᠭᠠᠵᠤ ᠰᠠᠬᠢᠯᠭ᠎ᠠ ᠪᠠᠲᠤ ᠶᠢ ᠰᠠᠬᠢᠨ᠂ ᠰᠤᠷᠤᠯᠴᠠᠯᠭ᠎ᠠ ᠶᠢᠨ ᠲᠠᠯ᠎ᠠ ᠪᠠᠷ ᠰᠡᠳᠬᠢᠯ ᠲᠠᠯᠪᠢᠨ ᠬᠦᠴᠦᠯᠡᠵᠦ᠂ ᠰᠠᠬᠢᠯᠭ᠎ᠠ ᠪᠠᠲᠤ ᠶᠢᠨ ᠲᠠᠯ᠎ᠠ ᠪᠠᠷ ᠪᠡᠶ᠎ᠡ ᠪᠠᠨ ᠴᠢᠩᠭ᠎ᠠ ᠱᠠᠭᠠᠷᠳᠠᠨ᠂ ᠠᠵᠢᠯ ᠬᠢᠬᠦ ᠲᠠᠯ᠎ᠠ ᠪᠠᠷ ᠱᠠᠯᠠᠮᠠᠭᠠᠢ ᠪᠠᠶᠢᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠣᠯᠭᠠᠵᠤ᠂ ︽ᠪᠣᠳᠠᠲᠠᠢ︾ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠢᠮᠠᠭᠲᠠ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠬᠤ ᠪᠣᠯᠤᠨ ᠠᠶᠢᠮᠠᠭ ᠤᠨ ᠨᠠᠮ ᠤᠨ ᠬᠤᠷᠢᠶ᠎ᠠ ᠵᠠᠬᠢᠷᠭᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠲᠠᠢ ᠤᠶᠠᠯᠳᠤᠭᠤᠯᠵᠤ᠂ ︽ᠭᠤᠷᠪᠠᠨ ᠤᠯᠠᠨ ᠭᠤᠷᠪᠠᠨ ᠴᠦᠬᠡᠨ ᠭᠤᠷᠪᠠᠨ ᠤᠳᠠᠭᠠᠨ︾ ᠪᠣᠯᠤᠨ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠨᠡᠨ ᠬᠦ ᠠᠳᠬᠤᠨ ᠰᠢᠷᠭᠠᠭᠤ ᠠᠵᠢᠯᠯᠠᠭᠰᠠᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号