ᠬᠤᠸᠠᠩ ᠶᠠ ᠯᠢ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ ᠠᠵᠦ ᠠᠬᠤᠶᠢᠯᠠᠯᠳᠠᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠠᠵᠤ ᠠᠬᠤᠶᠢᠯᠠᠯᠲᠠᠨ ᠤ ᠶᠡᠭᠡ ᠬᠤᠷᠠᠯ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠠᠮᠠᠯᠠᠯᠲᠠ ᠪᠠᠨ ᠪᠡᠶᠡᠯᠡᠭᠦᠯᠵᠦ᠂ 16 ᠠᠵᠤ ᠠᠬᠤᠶᠢᠯᠠᠯᠲᠠᠨ ᠤ ᠰᠠᠨᠠᠯ ᠰᠠᠨᠠᠭᠤᠯᠭ᠎ᠠ ᠶᠢ ᠨᠢᠭᠤᠷᠲᠠᠨ ᠰᠣᠨᠣᠰᠴᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠲᠤᠬᠠᠶ ᠶᠢᠨ ᠲᠠᠯᠠᠪᠠᠶ ᠳᠤ ᠰᠤᠳᠤᠯᠤᠨ ᠰᠢᠢᠳᠪᠦᠷᠢᠯᠡᠪᠡ᠃
1.jpg
    ᠬᠤᠸᠠᠩ ᠶᠠ ᠯᠢ᠂ ᠠᠷᠠᠳ ᠤᠨ ᠡᠵᠡᠩᠨᠡᠯᠲᠡ ᠶᠢᠨ ᠠᠵᠤ ᠠᠬᠤᠶ ᠨᠢ ᠠᠯᠠᠱᠠ ᠶᠢᠨ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠬᠦ ᠶᠢ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ᠲᠡᠳᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠵᠠᠰᠠᠭ ᠠᠵᠤ ᠠᠬᠤᠶᠢᠯᠠᠯ ᠤᠨ ᠰᠣᠯᠢᠯᠴᠠᠭ᠎ᠠ ᠶᠢ ᠪᠠᠶᠢᠩᠭᠤ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠵᠣᠯᠭᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠪᠦᠳᠦᠭᠦᠯᠢᠭ ᠬᠡᠯᠪᠡᠷᠢ︾ ᠠᠴᠠ ︽ᠨᠠᠷᠢᠯᠢᠭ ᠣᠨᠣᠴᠠᠲᠠᠶ︾ ᠳᠠᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠳᠤ ᠦᠨᠡᠨ ᠪᠣᠳᠠᠲᠠᠢ ᠪᠠᠷ ᠠᠰᠠᠭᠤᠳᠠᠯ ᠢ ᠰᠢᠢᠳᠪᠦᠷᠢᠯᠡᠵᠦ᠂ ᠲᠡᠳᠡᠨ ᠤ ᠰᠠᠶᠢᠨ ᠦᠢᠯᠡᠴᠢᠯᠡᠭᠴᠢ ᠪᠣᠯᠵᠤ᠂ ᠪᠦᠲᠦᠮᠵᠢᠲᠡᠢ ᠰᠠᠶᠢᠨ ᠠᠷᠭ᠎ᠠ ᠬᠡᠮᠵᠢᠶ᠎ᠡ ᠠᠪᠴᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠣᠷᠣᠰᠢᠵᠤ ᠪᠠᠶᠢᠭ᠎ᠠ ᠡᠯᠧᠮᠧᠨ᠋ᠲ ᠤᠨ ᠭᠦᠢᠴᠡᠳᠬᠡᠬᠦ ᠲᠤᠭ᠎ᠠ ᠳᠤᠲᠠᠭᠳᠠᠬᠤ᠂ ᠰᠢᠨ᠎ᠡ ᠡᠨᠧᠷᠭᠢ ᠶᠢᠨ ᠭᠦᠢᠴᠡᠳᠬᠡᠯ ᠲᠤᠭ᠎ᠠ ᠶᠢ ᠲᠤᠬᠢᠷᠠᠭᠤᠯᠬᠤ᠂ ᠤᠴᠢᠷ ᠶᠠᠪᠤᠳᠠᠯ ᠰᠢᠢᠳᠪᠦᠷᠢᠯᠡᠬᠦ ᠳᠤ ᠶᠠᠷᠰᠢᠭ ᠲᠦᠪᠡᠭᠲᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠩ ᠰᠢᠯᠢᠳᠡᠭ  ᠡᠵᠡᠩᠨᠡᠯᠲᠡ ᠶᠢᠨ ᠣᠷᠴᠢᠨ ᠲᠣᠭᠤᠷᠢᠨ ᠢ ᠦᠨᠡᠨᠬᠦ ᠪᠤᠢ ᠪᠣᠯᠭᠠᠵᠤ᠂ ᠠᠵᠤ ᠠᠬᠤᠶᠢᠯᠠᠯᠲᠠᠨ ᠢ ᠰᠠᠨᠠᠭ᠎ᠠ ᠠᠮᠤᠷ ᠪᠡᠯᠡ ᠣᠷᠣᠭᠤᠯᠬᠤ᠂ ᠡᠵᠡᠩᠨᠡᠬᠦ᠂ ᠬᠥᠭᠵᠢᠭᠦᠯᠬᠦ ᠳᠤ ᠦᠢᠯᠡᠴᠢᠯᠡᠬᠦ ᠬᠡᠷᠡᠭᠲᠡᠢ ᠭᠡᠪᠡ᠃
2.jpg
    ᠬᠤᠸᠠᠩ ᠶᠠ ᠯᠢ᠂ ᠠᠯᠠᠱᠠ ᠶᠢᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠂ ᠥᠷᠭᠡᠨ ᠤᠯᠠᠨ ᠠᠵᠤ ᠠᠬᠤᠶᠢᠯᠠᠯᠲᠠᠳ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠠᠯᠠᠱᠠ ᠶᠢᠨ ᠠᠵᠤ ᠦᠢᠯᠡᠰ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠣᠷᠣᠨ ᠨᠤᠲᠤᠭ ᠤᠨ ᠬᠥᠭᠵᠢᠯᠲᠡ ᠳᠤ ᠢᠯᠡᠭᠦᠬᠡᠨ ᠪᠣᠳᠠᠳᠠᠢ ᠠᠷᠭ᠎ᠠ ᠤᠬᠠᠭᠠᠨ ᠭᠠᠷᠭᠠᠵᠤ᠂ ᠬᠡᠯᠬᠢᠶ᠎ᠡ ᠪᠠᠨ ᠤᠷᠲᠤᠳᠬᠠᠬᠤ᠂ ᠬᠡᠯᠬᠢᠶ᠎ᠡ ᠪᠠᠨ ᠨᠥᠬᠦᠪᠥᠷᠢᠯᠡᠬᠦ᠂ ᠬᠡᠯᠬᠢᠶ᠎ᠡ ᠪᠠᠨ ᠴᠢᠩᠭᠠᠳᠬᠠᠬᠤ ᠠᠵᠢᠯ ᠢ ᠰᠠᠶᠢᠲᠤᠷ ᠬᠢᠵᠦ᠂ ᠮᠡᠷᠭᠡᠵᠢᠯ ᠤᠨ ᠥᠭᠡᠷᠡᠴᠢᠯᠡᠯᠲᠡ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠡᠩ ᠡᠷᠴᠢᠮᠲᠡᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠬᠦᠴᠦᠨ ᠪᠣᠯᠬᠤ ᠶᠢ ᠬᠦᠰᠡᠵᠦ ᠪᠠᠶᠢᠨ᠎ᠠ ᠭᠡᠪᠡ᠃
3.jpg
    ᠡᠨᠡ ᠬᠤᠭᠤᠴᠠᠭᠠᠨ ᠳᠤ᠂ ᠬᠤᠸᠠᠩ ᠶᠠ ᠯᠢ ᠪᠠᠰᠠ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠡᠯᠡᠰᠦ ᠶᠢ ᠰᠡᠷᠭᠡᠶᠢᠯᠡᠵᠦ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ  ᠱᠠᠯᠠᠪᠲᠠᠨ ᠪᠠᠶᠢᠴᠠᠭᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠨ ᠠᠬᠢᠴᠠ ᠶᠢ ᠲᠦᠷᠭᠡᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠠᠰᠠᠯᠲᠠ ᠶᠢᠨ ᠣᠷᠣᠨ ᠪᠦᠰᠡ ᠪᠠ ᠠᠷᠭ᠎ᠠ ᠬᠡᠯᠪᠡᠷᠢ ᠶᠢ ᠰᠠᠶᠢᠲᠤᠷ ᠲᠣᠭᠲᠠᠭᠠᠵᠤ᠂ ᠮᠣᠳᠣᠨ ᠤ ᠲᠥᠷᠥᠯ ᠡᠪᠡᠰᠦᠨ ᠤ ᠦᠷ᠎ᠡ ᠶᠢ ᠰᠠᠶᠢᠲᠤᠷ ᠰᠣᠩᠭᠤᠵᠤ᠂ ᠴᠢᠬᠢ ᠮᠣᠳᠣᠨ ᠤ ᠲᠦᠭᠦᠬᠡᠶ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠬᠥᠮᠦᠨ ᠤ ᠬᠦᠴᠦᠨ ᠪᠠ ᠮᠧᠬᠠᠨᠢᠭ ᠢ ᠰᠠᠶᠢᠲᠤᠷ ᠵᠣᠬᠢᠶᠠᠨ ᠪᠠᠶᠢᠭᠤᠯᠵᠤ᠂ ᠴᠠᠭ ᠪᠠ ᠠᠬᠢᠴᠠ ᠶᠢ ᠰᠠᠶᠢᠲᠤᠷ ᠪᠠᠶᠢᠷᠢᠯᠠᠭᠤᠯᠵᠤ᠂ ᠨᠢᠭᠡ ᠬᠦᠴᠦᠨ ᠢᠶᠠᠷ ᠡᠯᠡᠰᠦ ᠶᠢ ᠰᠡᠷᠭᠡᠶᠢᠯᠡᠵᠦ᠂ ᠡᠯᠡᠰᠦ ᠶᠢ ᠵᠠᠰᠠᠬᠤ᠂ ᠡᠯᠡᠰᠦ ᠶᠢ ᠬᠤᠷᠢᠭᠯᠠᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠶ ᠭᠡᠵᠦ ᠴᠢᠬᠤᠯᠠᠴᠢᠯᠠᠪᠠ᠃    ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠬᠠᠰᠪᠠᠭᠠᠨ᠎ᠠ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号