ᠬᠤᠸᠠᠩ ᠶᠠ ᠯᠢ ᠡᠩ ᠤᠨ ᠨᠠᠮ ᠤᠨ ᠭᠡᠰᠢᠭᠦᠨ ᠤ ᠬᠤᠪᠢ ᠪᠠᠷ ᠦᠪᠡᠷ ᠤᠨ ᠪᠠᠶᠢᠭ᠎ᠠ ᠨᠠᠮ ᠤᠨ ᠡᠭᠦᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/4/22
     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠡᠬᠢᠯᠡᠮᠡᠭᠴᠡ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠡᠩ ᠤᠨ ᠨᠠᠮ ᠤᠨ ᠭᠡᠰᠢᠭᠦᠨ ᠤ ᠬᠤᠪᠢ ᠪᠠᠷ ᠦᠪᠡᠷ ᠤᠨ ᠪᠠᠶᠢᠭ᠎ᠠ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠨᠢᠭᠡᠳᠦᠭᠡᠷ ᠨᠠᠮ ᠤᠨ ᠡᠭᠦᠷ ᠤᠨ ᠬᠠᠮᠲᠤ ᠶᠢᠨ ᠰᠤᠷᠤᠯᠴᠠᠯᠭ᠎ᠠ ᠳᠤ ᠣᠷᠣᠯᠴᠠᠵᠤ᠂ ᠨᠠᠮ ᠤᠨ ᠡᠭᠦᠷ ᠤᠨ ᠨᠠᠮ ᠤᠨ ᠭᠡᠰᠢᠭᠦᠨ ᠲᠠᠢ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠬᠤᠪᠢᠶᠠᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠬᠤᠷᠠᠯ ᠳᠤ ᠣᠷᠣᠯᠴᠠᠪᠠ᠃     ᠬᠤᠷᠠᠯ ᠳᠤ᠂ ᠤᠯᠠᠨ ᠢᠶᠠᠷ ᠢᠶᠠᠨ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠥᠭᠦᠯᠡᠬᠦ ᠨᠢ︾ ᠭᠡᠬᠦ ᠨᠣᠮ ᠤᠨ ᠬᠡᠰᠡᠭᠯᠡᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠪᠣᠯᠤᠨ ︽ᠪᠦᠬᠦ ᠠᠶᠢᠮᠠᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠬᠠᠮᠲᠤ ᠪᠠᠷ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠪᠣᠯᠤᠨ ᠬᠠᠷᠠᠯᠲᠠ ᠱᠠᠭᠠᠷᠳᠠᠯᠭ᠎ᠠ ᠶᠢᠨ ᠲᠤᠬᠠᠢ ᠲᠠᠨᠢᠯᠲᠠ ᠪᠠᠨ ᠤᠯᠠᠮ ᠭᠦᠨᠵᠡᠭᠡᠶᠢᠷᠡᠭᠦᠯᠪᠡ᠃     ᠬᠤᠸᠠᠩ ᠶᠠ ᠯᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠰᠠᠬᠢᠯᠭ᠎ᠠ ᠪᠠᠲᠤ ᠶᠢᠨ ᠰᠤᠷᠤᠯᠴᠠᠯᠭ᠎ᠠ᠂ ᠣᠪᠣᠷ ᠰᠤᠷᠲᠠᠯ ᠤᠨ ᠵᠠᠯᠠᠷᠠᠭᠤᠯᠭ᠎ᠠ ᠮᠥᠨ᠃ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠬᠡᠷ ᠨᠢ ᠤᠯᠤᠰ ᠲᠥᠷᠥ ᠶᠢᠨ ᠪᠠᠶᠢᠭᠤᠯᠭ᠎ᠠ᠂ ᠲᠥᠪ ᠪᠠᠶᠢᠭᠤᠯᠭ᠎ᠠ ᠪᠣᠯᠤᠭᠰᠠᠨ ᠤ ᠬᠤᠪᠢ ᠳᠤ᠂ ᠰᠢᠯᠢᠳᠡᠭ ᠺᠠᠳ᠋ᠷ ᠤᠨ ᠰᠤᠷᠲᠠᠯ ᠪᠣᠯ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠪᠠᠲᠤ ᠴᠢᠩᠭ᠎ᠠ ᠪᠠᠲᠤᠯᠠᠭ᠎ᠠ ᠮᠥᠨ᠂ ᠨᠠᠩ ᠥᠨᠳᠥᠷ ᠪᠠᠷᠢᠮᠵᠢᠶ᠎ᠠ ᠂ ᠨᠠᠩ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠰᠠᠬᠢᠯᠭ᠎ᠠ ᠪᠠᠲᠤ ᠶᠢ ᠲᠣᠭᠲᠠᠭᠠᠵᠣ᠂ ᠴᠢᠩᠲᠠᠯᠠᠵᠤ ᠂ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠬᠦ ᠦᠯᠢᠭᠡᠷ ᠳᠠᠭᠤᠷᠢᠶᠠᠯ ᠪᠣᠯᠵᠣ᠂ ᠰᠠᠬᠢᠯᠭ᠎ᠠ ᠪᠠᠲᠤ ᠶᠢ ᠲᠣᠳᠣ ᠣᠶᠢᠯᠠᠭᠠᠬᠤ ᠰᠠᠬᠢᠯᠭ᠎ᠠ ᠪᠠᠲᠤ ᠶᠢ ᠪᠠᠲᠤ ᠰᠠᠬᠢᠬᠤ ᠬᠡᠪ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠶ᠃ ︽ᠰᠤᠷᠤᠯᠴᠠᠬᠤ︾ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ︽ᠳᠦᠷᠢᠮ︾ ᠢ ᠰᠤᠷᠤᠯᠴᠠᠬᠤ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠡᠷᠡ ᠬᠡᠪ ᠢᠶᠠᠷ ᠨᠢ ᠰᠤᠷᠤᠯᠴᠠᠵᠤ᠂ ᠳᠦᠷᠢᠮ ᠲᠣᠭᠲᠠᠭᠠᠯ ᠢ ᠳᠠᠷᠠᠭᠠᠯᠠᠨ ᠰᠤᠷᠤᠯᠴᠠᠵᠤ᠂ ᠨᠡᠪᠲᠡᠷᠡᠲᠡᠯ᠎ᠡ ᠣᠶᠢᠯᠠᠭᠠᠵᠤ᠂ ᠠᠮᠢᠳᠤᠯᠢᠭ ᠢᠶᠠᠷ ᠨᠠᠮ ᠤᠨ ᠬᠢᠴᠢᠶᠡᠯ ᠣᠷᠣᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠶᠢᠯᠠᠭᠠᠯᠲᠠ ᠪᠠᠨ ᠶᠠᠷᠢᠵᠤ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠦᠨᠡᠨ ᠬᠦ ᠨᠡᠪᠲᠡᠷᠡᠲᠡᠯ᠎ᠡ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠲᠣᠳᠣᠷᠬᠠᠢ ᠣᠶᠢᠯᠠᠭᠠᠵᠤ᠂ ᠶᠠᠭᠤ ᠬᠢᠵᠦ ᠪᠣᠯᠬᠤ᠂ ᠶᠠᠭᠤ ᠬᠢᠵᠦ ᠪᠣᠯᠬᠤ ᠦᠭᠡᠢ ᠭᠡᠳᠡᠭ ᠢ ᠲᠣᠳᠣᠷᠬᠠᠢ ᠣᠶᠢᠯᠠᠭᠠᠬᠤ ᠬᠡᠷᠡᠭᠲᠡᠢ᠃ ︽ᠬᠢᠬᠦ︾ ᠳᠡᠭᠡᠷ᠎ᠡ ᠬᠡᠪ ᠳᠠᠭᠤᠷᠢᠶᠠᠯ ᠦᠵᠡᠭᠦᠯᠵᠦ᠂ ᠬᠠᠷᠢᠭᠤᠴᠠᠯᠭ᠎ᠠ᠂ ᠦᠷ᠎ᠡ ᠪᠦᠲᠦᠮᠵᠢ᠂ ᠶᠠᠰᠤ ᠴᠢᠨᠠᠷ ᠤᠨ ᠤᠬᠠᠮᠰᠠᠷ ᠢ ᠪᠠᠲᠤ ᠪᠤᠢ ᠪᠣᠯᠭᠠᠵᠤ᠂ ᠤᠳᠠᠭᠠᠨ᠂ ᠪᠦᠳᠦᠭᠦᠯᠢᠭ᠂ ᠬᠡᠶᠢᠰᠪᠦᠷᠢ ᠵᠡᠷᠭᠡ ᠰᠤᠷᠲᠠᠯ ᠤᠨ ᠠᠷᠬᠠᠭ ᠭᠡᠮ ᠢ ᠰᠢᠢᠳᠪᠦᠷᠢᠯᠡᠵᠦ᠂ ᠬᠥᠭᠵᠢᠯᠲᠡ᠂ ᠰᠢᠢᠳᠪᠦᠷᠢᠲᠦ ᠪᠤᠳᠤᠯᠭ᠎ᠠ᠂ ᠨᠠᠶᠢᠳᠠᠪᠤᠷᠢᠵᠢᠭᠤᠯᠤᠯᠲᠠ ᠳᠤ ᠦᠢᠯᠡᠴᠢᠯᠡᠬᠦ ᠲᠣᠭᠤᠷᠢᠨ ᠳᠤ᠂ ᠨᠠᠷᠢᠨ ᠵᠦᠢᠯᠡᠰ ᠢ ᠴᠢᠩᠭ᠎ᠠ ᠪᠣᠳᠠᠲᠠᠢ ᠡᠷᠬᠢᠮᠯᠡᠵᠦ᠂ ᠬᠡᠪ ᠳᠠᠭᠤᠷᠢᠶᠠᠯ ᠢ ᠥᠨᠳᠥᠷ ᠪᠣᠯᠭᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠣᠰᠣ ᠲᠦᠷᠢᠮ ᠢ ᠴᠢᠩᠭ᠎ᠠ ᠰᠠᠬᠢᠵᠤ᠂ ᠤᠳᠠᠭ᠎ᠠ ᠪᠦᠷᠢ ᠶᠢᠨ ᠪᠢᠴᠢᠭ ᠮᠠᠲ᠋ᠧᠷᠢᠶᠠᠯ᠂ ᠬᠤᠷᠠᠯ᠂ ᠶᠠᠪᠤᠳᠠᠯ ᠨᠢᠭᠡᠪᠦᠷᠢ ᠶᠢ ᠴᠢᠷᠮᠠᠶᠢᠨ ᠰᠠᠶᠢᠲᠤᠷ ᠬᠢᠵᠦ᠂ ︽ᠭᠤᠷᠪᠠ ᠳᠤ ᠦᠢᠯᠡᠴᠢᠯᠡᠬᠦ︾ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠡᠷᠭᠡᠳᠡᠬᠢ ᠬᠥᠮᠦᠨ᠂ ᠶᠠᠪᠤᠳᠠᠯ ᠢᠶᠠᠨ ᠰᠠᠶᠢᠲᠤᠷ ᠬᠠᠮᠢᠶᠠᠷᠴᠤ᠂ ︽ᠨᠠᠶᠢᠵᠠ ᠶᠢᠨ ᠲᠣᠭᠤᠷᠢᠭ︾᠂ ︽ᠠᠮᠢᠳᠤᠷᠠᠯ ᠤᠨ ᠬᠦᠷᠢᠶ᠎ᠡ︾ ᠶᠢ ᠴᠡᠪᠡᠷᠰᠢᠭᠦᠯᠵᠦ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠨᠠᠭᠤᠷ ᠪᠣᠯᠭᠤᠮᠵᠢᠲᠠᠢ ᠪᠠᠶᠢᠯᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号