︽ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠵᠠᠷᠯᠢᠭ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/22
    ᠲᠦᠷᠦᠭᠦᠬᠡᠨ᠂ ︽ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠵᠠᠷᠯᠢᠭ︾ ︵ᠠᠯᠠᠱᠠ ᠵᠠᠬᠢᠷᠭ᠎ᠠ ᠲᠠᠷᠬᠠᠭᠠᠭᠰᠠᠨ ﹇2022﹈ 13 ᠳ᠋ᠤᠭᠠᠷ ᠲᠣᠭᠠᠲᠤ᠂ ᠳᠣᠷᠣᠭᠰᠢ ︽ᠵᠠᠷᠯᠢᠭ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠶᠢᠨ ᠬᠢᠨ ᠤ ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠲᠤᠷ ᠣᠶᠢᠯᠠᠭᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠡᠳᠦᠭᠡ ︽ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠵᠠᠷᠯᠢᠭ︾ ᠢ ᠲᠠᠶᠢᠯᠪᠤᠷᠢᠯᠠᠶ᠎ᠠ᠄    ᠨᠢᠭᠡ᠂ ᠲᠣᠭᠲᠠᠭᠠᠭᠰᠠᠨ ᠠᠬᠤᠶ ᠪᠠᠶᠢᠳᠠᠯ    ᠶᠡᠷᠦᠩᠬᠡᠶ ᠱᠦᠵᠢ ᠰᠢ ᠶᠢᠨ ᠫᠢᠩ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶᠠᠨ ᠤ ᠣᠶ ᠰᠢᠭᠤᠶ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠡᠯ᠎ᠡ ᠵᠦᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠤ᠂ ᠣᠶ ᠰᠢᠭᠤᠶ ᠶᠢᠨ ᠲᠦᠢᠮᠡᠷ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃    ᠬᠤᠶᠠᠷ᠂ ᠲᠣᠭᠲᠠᠭᠠᠭᠰᠠᠨ ᠦᠨᠳᠦᠰᠦᠯᠡᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠲᠦᠢᠮᠡᠷ ᠢ ᠰᠡᠷᠭᠡᠶᠢᠯᠡᠬᠦ ᠲᠦᠷᠢᠮ︾᠂ ︽ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠦᠷᠢᠮ︾᠂ ︽2024 ᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠳᠣᠭᠳᠠᠭᠠᠪᠠ᠃    ᠭᠤᠷᠪᠠ᠂ ᠭᠤᠣᠯ ᠠᠭᠤᠯᠭ᠎ᠠ    ︽ᠵᠠᠷᠯᠢᠭ︾ ᠨᠡᠶᠢᠲᠡ ᠵᠢᠷᠭᠤᠭᠠᠨ ᠵᠦᠢᠯ᠂ ᠭᠤᠤᠯᠳᠠᠭᠤ ᠳᠣᠤᠷᠠᠬᠢ ᠮᠡᠲᠦ ᠠᠭᠤᠯᠭ᠎ᠠ ᠳᠤ ᠬᠤᠯᠪᠣᠭᠳᠠᠨ᠎ᠠ᠄ ᠪᠥᠬᠦ ᠠᠶᠢᠮᠠᠭ ᠤᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭ᠎ᠠ ᠨᠢ 2024 ᠣᠨ ᠤ 1 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠂ ᠡᠭᠦᠨ ᠳᠤ 3 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠣᠯᠠᠨ ᠡᠭᠦᠰᠬᠦ ᠬᠤᠭᠤᠴᠠᠭ᠎ᠠ ᠪᠣᠯᠤᠨ᠎ᠠ︔ ᠪᠥᠬᠦ ᠠᠶᠢᠮᠠᠭ ᠤᠨ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠨᠢ 9 ᠰᠠᠷ᠎ᠠ ᠶᠢᠨ 15 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠂ ᠡᠭᠦᠨ ᠳᠤ 10 ᠰᠠᠷ᠎ᠠ ᠶᠢᠨ 1 ᠤ ᠡᠳᠦᠷ ᠠᠴᠠ 10 ᠰᠠᠷ᠎ᠠ ᠶᠢᠨ 31 ᠤ ᠡᠳᠦᠷ ᠪᠣᠯ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠣᠯᠠᠨ ᠡᠭᠦᠰᠬᠦ ᠬᠤᠭᠤᠴᠠᠭ᠎ᠠ ᠪᠣᠯᠤᠨ᠎ᠠ᠃ ᠡᠯ᠎ᠡ ᠬᠤᠰᠢᠭᠤ ᠣᠷᠣᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭ᠎ᠠ ᠪᠠ ᠲᠦᠢᠮᠡᠷ ᠣᠯᠠᠨ ᠡᠭᠦᠰᠬᠦ ᠬᠤᠭᠤᠴᠠᠭ᠎ᠠ ᠵᠢᠴᠢ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ᠂ ᠴᠢᠩᠭ᠎ᠠ ᠰᠡᠷᠭᠡᠶᠢᠯᠡᠯᠲᠡ ᠶᠢᠨ ᠣᠷᠣᠨ ᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠡᠭᠦᠨ ᠤ ᠬᠠᠮᠲᠤ᠂ ︽ᠵᠠᠷᠯᠢᠭ︾ ᠨᠢ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠰᠡᠷᠡᠮᠵᠢᠯᠡᠭᠦᠯᠬᠦ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠲᠦᠢᠮᠡᠷ ᠢ ᠬᠥᠳᠡᠯᠦᠩᠭᠦᠶ ᠪᠠᠷ ᠰᠡᠷᠭᠡᠶᠢᠯᠡᠬᠦ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠴᠢᠩᠭ᠎ᠠ ᠰᠡᠷᠭᠡᠶᠢᠯᠡᠨ ᠵᠠᠬᠢᠷᠤᠨ ᠬᠠᠮᠢᠶᠠᠷᠬᠤ ᠬᠤᠭᠤᠴᠠᠭ᠎ᠠ ᠵᠢᠴᠢ ᠣᠷᠣᠨ ᠪᠦᠰᠡ ᠶᠢᠨ ᠳᠣᠲᠣᠷᠠᠬᠢ ᠴᠢᠩᠭ᠎ᠠ ᠰᠡᠷᠭᠡᠶᠢᠯᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠪᠠ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠴᠢᠩᠭᠠᠳᠬᠠᠵᠤ᠂ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠪᠠᠷ ᠪᠣᠳᠠᠲᠠᠶ ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠪᠠ᠃    ᠳᠥᠷᠪᠡ᠂ ᠬᠡᠷᠡᠭᠯᠡᠬᠦ ᠬᠡᠪᠴᠢᠶ᠎ᠡ    ︽ᠵᠠᠷᠯᠢᠭ︾ ᠳᠤ ᠪᠥᠬᠦ ᠠᠶᠢᠮᠠᠭ ᠤᠨ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠣᠯᠠᠨ ᠡᠭᠦᠰᠬᠦ ᠣᠷᠣᠨ ᠳᠤ ᠣᠷᠣᠬᠤ ᠬᠥᠮᠦᠰ ᠪᠠ ᠲᠡᠷᠭᠡ ᠬᠥᠰᠬᠡ ᠳᠤ ᠪᠣᠳᠠᠲᠠᠶ ᠲᠣᠭᠲᠠᠭᠠᠯ ᠭᠠᠷᠭᠠᠪᠠ᠃ ᠮᠠᠨ ᠤ ᠠᠶᠢᠮᠠᠭ ᠤᠨ ᠵᠠᠰᠠᠭ ᠵᠠᠬᠢᠷᠭᠠᠨ ᠤ ᠣᠷᠣᠨ ᠳᠤ ᠪᠠᠶᠢᠭ᠎ᠠ ᠨᠢᠭᠡᠴᠡ ᠪᠠ ᠬᠤᠪᠢ ᠬᠥᠮᠦᠨ ᠪᠦᠬᠦᠨ ᠴᠢᠩᠭ᠎ᠠ ᠭᠡᠷᠡᠭᠵᠢᠬᠦᠯᠦᠨ᠎ᠡ᠃    ᠲᠠᠪᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ    ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠶ᠂ ᠳᠦᠷᠢᠮ ᠢ ᠬᠡᠷᠡᠭᠵᠢᠭᠦᠯᠦᠭᠰᠡᠨ ᠦᠭᠡᠶ᠂ ᠠᠷᠭ᠎ᠠ ᠬᠡᠮᠵᠢᠶ᠎ᠡ ᠨᠢ ᠡᠷᠴᠢᠮᠲᠡᠶ ᠪᠣᠰᠣ᠂ ᠠᠵᠢᠯ ᠢᠶᠠᠨ ᠪᠣᠳᠠᠲᠠᠶᠢᠵᠢᠭᠤᠯᠤᠭᠰᠠᠨ ᠦᠭᠡᠶ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠡᠭᠦᠰᠦᠭᠰᠡᠨ ᠪᠣᠯ ᠴᠥᠮ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠯ ᠪᠦᠬᠦᠢ ᠨᠢᠭᠡᠴᠡ ᠪᠣᠯᠤᠨ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠨ᠎ᠡ᠃    ︽ᠵᠠᠷᠯᠢᠭ︾ ᠳᠤ᠂ ᠶᠠᠮᠠᠷᠪᠠ ᠨᠢᠭᠡᠴᠡ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠣᠯᠵᠤ ᠮᠡᠳᠡᠪᠡᠯ᠂ ᠳᠠᠷᠦ᠋ᠢᠬᠠᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠮᠡᠳᠡᠭᠦᠯᠬᠦ ᠤᠲᠠᠰᠤ 12119  ᠳᠤ ᠵᠠᠯᠭᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃        ᠬᠠᠮᠢᠶ᠎ᠠ ᠪᠦᠬᠦᠢ ᠪᠢᠴᠢᠭ ᠮᠠᠲ᠋ᠧᠷᠢᠶᠠᠯ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号