ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠳᠤ ᠶᠠᠮᠠᠷ ᠶᠠᠮᠠᠷ ᠭᠢᠯᠠᠯᠵᠠᠭᠰᠠᠨ ᠠᠮᠵᠢᠯᠲᠠ ᠪᠠᠶᠢᠬᠤ ᠪᠣᠢ︖
ᠨᠡᠶᠢᠲᠡᠯᠡᠭᠰᠡᠨ ᠴᠠᠭ᠄
2024/4/23
     ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠳᠤ ᠶᠠᠮᠠᠷ ᠶᠠᠮᠠᠷ ᠭᠢᠯᠠᠯᠵᠠᠭᠰᠠᠨ ᠠᠮᠵᠢᠯᠲᠠ ᠪᠠᠶᠢᠬᠤ ᠪᠣᠶ︖ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠷᠢᠶᠠᠯᠠᠯ ᠤᠨ ᠪᠠᠶᠢᠭᠤᠯᠤᠯ ᠳᠤ ᠶᠠᠮᠠᠷ ᠶᠠᠮᠠᠷ ᠰᠢᠯᠢᠳᠡᠭᠵᠢᠭᠦᠯᠦᠯᠲᠡ ᠬᠢᠭᠰᠡᠨ ᠪᠤᠢ︖ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠷᠠᠯ ᠳᠤ ᠣᠷᠣᠯᠴᠠᠬᠤ ᠪᠠᠷ ᠭᠤᠶᠤᠴᠢᠯᠠᠬᠤ ᠳᠤ ᠶᠠᠮᠠᠷ ᠶᠠᠮᠠᠷ ᠲᠥᠬᠦᠮ ᠨᠦᠬᠦᠴᠡᠯ ᠦᠵᠡᠭᠦᠯᠬᠦ ᠪᠣᠶ︖ ᠠᠯᠠᠱᠠ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠰᠠᠯᠠᠭᠠᠨ ᠤ ᠳᠠᠷᠤᠭ᠎ᠠ ᠠᠯᠲᠠᠶ ᠬᠠᠮᠢᠶ᠎ᠠ ᠪᠦᠬᠦᠢ ᠠᠭᠤᠯᠭ᠎ᠠ ᠶᠢ ᠲᠠᠨᠢᠯᠴᠠᠭᠤᠯᠪᠠ᠃     ᠬᠥᠲᠥᠯᠥᠭᠴᠢ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠳᠤ ᠶᠠᠮᠠᠷ ᠶᠠᠮᠠᠷ ᠭᠢᠯᠠᠯᠵᠠᠭᠰᠠᠨ ᠠᠮᠵᠢᠯᠲᠠ ᠪᠠᠶᠢᠬᠤ ᠪᠣᠶ︖     ᠠᠯᠳᠠᠢ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠠᠩᠬᠠᠷᠤᠯ ᠲᠠᠲᠠᠭᠰᠠᠨ ᠠᠭᠤᠯᠭ᠎ᠠ ᠳᠤ᠄     ᠨᠢᠭᠡ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠯᠪᠣᠭᠳᠠᠯ ᠪᠦᠬᠦᠢ ᠵᠠᠷᠴᠢᠮ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠠᠰᠠᠭ ᠵᠠᠬᠢᠷᠭᠠᠨ ᠤ ᠳᠡᠬᠢᠨ ᠵᠥᠪᠯᠡᠬᠦ ᠪᠠᠶᠢᠭᠤᠯᠭ᠎ᠠ ᠨᠢ ᠡᠷᠬᠡᠪᠰᠢ ᠬᠠᠤᠯᠢ ᠶᠣᠰᠣᠨ ᠤ᠂ ᠲᠥᠪ ᠭᠤᠤᠯᠴᠢ᠂ ᠢᠯᠡ ᠲᠤᠳᠤ᠂ ᠥᠨᠳᠥᠷ ᠪᠦᠲᠦᠮᠵᠢᠲᠡᠶ᠂ ᠠᠷᠠᠳ ᠲᠤ ᠳᠥᠭᠦᠮ ᠦᠵᠡᠭᠦᠯᠬᠦ᠂ ᠠᠷᠠᠳ ᠤᠨ ᠲᠥᠯᠥᠭᠡ  ᠦᠢᠯᠡᠴᠢᠯᠡᠬᠦ ᠵᠠᠷᠴᠢᠮ ᠢ ᠵᠢᠷᠤᠮᠯᠠᠵᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠡᠷᠡᠭ ᠢ ᠰᠢᠢᠳᠪᠦᠷᠢᠯᠡᠬᠦ ᠶᠢ ᠡᠶᠡᠳᠡᠭᠦᠯᠦᠨ᠎ᠡ︔ ᠤᠯᠤᠰ ᠠᠴᠠ ᠲᠤᠰᠬᠠᠶᠢᠵᠢᠭᠰᠠᠨ᠂ ᠮᠡᠷᠭᠡᠵᠢᠭᠰᠡᠨ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯᠲᠠᠨ ᠤ ᠡᠩᠨᠡᠭᠡ ᠶᠢ ᠪᠠᠶᠢᠭᠤᠯᠵᠤ᠂ ᠵᠠᠰᠠᠭ ᠵᠠᠬᠢᠷᠭᠠᠨ ᠤ ᠳᠡᠬᠢᠨ ᠵᠥᠪᠯᠡᠬᠦ ᠪᠠᠶᠢᠭᠤᠯᠭ᠎ᠠ ᠶᠢ ᠵᠠᠰᠠᠭ ᠵᠠᠬᠢᠷᠭᠠᠨ ᠤ ᠳᠡᠬᠢᠨ ᠵᠥᠪᠯᠡᠬᠦ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠬᠦ ᠪᠠ ᠪᠠᠲᠤᠯᠠᠬᠤ ᠶᠢ ᠱᠠᠭᠠᠷᠳᠠᠵᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠵᠢᠯᠣᠭᠤᠳᠬᠤ ᠴᠢᠨᠠᠷᠲᠠᠶ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠠᠵᠢᠯᠲᠠᠨ ᠪᠠ ᠲᠠᠯᠠᠪᠤᠷ ᠭᠠᠵᠠᠷ ᠤᠨ ᠪᠠᠲᠤᠯᠠᠭ᠎ᠠ ᠵᠡᠷᠭᠡ ᠳᠤ ᠲᠣᠭᠲᠠᠭᠠᠯ ᠭᠠᠷᠭᠠᠪᠠ᠃     ᠬᠤᠶᠠᠷ ᠲᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠷᠢᠶᠠᠯᠠᠯ ᠤᠨ ᠪᠠᠶᠢᠭᠤᠯᠤᠯ ᠢ ᠰᠢᠯᠢᠳᠡᠭᠵᠢᠭᠦᠯᠪᠡ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠬᠦᠴᠦᠨ ᠦᠭᠡᠶ ᠪᠣᠯᠭᠠᠵᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠬᠡᠷᠡᠭᠵᠢᠭᠦᠯᠬᠦ ᠶᠢᠨ ᠬᠠᠮᠲᠤ ᠰᠢᠭᠤᠤᠳ ᠤᠳᠤᠷᠢᠳᠤᠯᠭ᠎ᠠ ᠶᠢ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ᠂ ᠭᠠᠶᠢᠯᠢ ᠶᠢᠨ ᠶᠠᠪᠤᠳᠠᠯ ᠪᠣᠯᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠶᠢᠨ ᠣᠨᠴᠠᠭᠠᠢ ᠪᠠᠶᠢᠳᠠᠯ ᠢ ᠦᠯᠡᠳᠡᠭᠡᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠬᠠᠮᠢᠶᠠᠷᠬᠤ ᠡᠷᠬᠡ ᠮᠡᠳᠡᠯ ᠢ ᠵᠣᠬᠢᠴᠠᠩᠭᠤᠶ ᠪᠠᠷ ᠲᠣᠬᠢᠷᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠲᠣᠮᠢᠯᠠᠭᠰᠠᠨ ᠪᠠᠶᠢᠭᠤᠯᠤᠮᠵᠢ ᠳᠤ ᠠᠮᠢᠳᠤᠯᠢᠭ ᠢᠶᠠᠷ ᠲᠣᠭᠲᠠᠭᠠᠯ ᠭᠠᠷᠭᠠᠪᠠ᠃     ᠭᠤᠷᠪᠠ ᠳᠤ᠂ ᠵᠠᠰᠠᠭ ᠵᠠᠬᠢᠷᠭᠠᠨ ᠤ ᠳᠡᠭᠢᠨ ᠵᠥᠪᠯᠡᠬᠦ ᠠᠵᠢᠯ ᠤᠨ ᠵᠠᠰᠠᠭ ᠵᠠᠬᠢᠷᠭᠠᠨ ᠤ ᠮᠠᠷᠭᠤᠯᠳᠤᠭᠠᠨ ᠢ ᠬᠦᠯᠢᠶᠡᠨ ᠠᠪᠬᠤ ᠴᠢᠳᠠᠪᠤᠷᠢ ᠶᠢ ᠴᠢᠩᠭᠠᠳᠬᠠᠪᠠ᠃ ᠵᠠᠰᠠᠭ ᠵᠠᠬᠢᠷᠭᠠᠨ ᠤ ᠳᠡᠬᠢᠨ ᠵᠥᠪᠯᠡᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠵᠠᠰᠠᠭ ᠵᠠᠬᠢᠷᠭᠠᠨ ᠤ ᠲᠥᠯᠥᠪᠦᠷᠢ ᠥᠭᠬᠦ᠂ ᠠᠵᠢᠯ ᠠᠴᠠ ᠪᠣᠯᠤᠭᠰᠠᠨ ᠭᠡᠮᠲᠦᠯ ᠢ ᠲᠣᠭᠲᠠᠭᠠᠬᠤ᠂ ᠵᠠᠰᠠᠭ ᠵᠠᠬᠢᠷᠭᠠᠨ ᠤ ᠬᠡᠯᠡᠯᠴᠡᠭᠡᠷ ᠬᠢᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠶ ᠪᠣᠯ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠭᠤᠶᠤᠴᠢᠯᠠᠵᠤ ᠪᠣᠯᠤᠨ᠎ᠠ︔ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢᠨ ᠤᠷᠢᠳᠠᠴᠢ ᠬᠦᠷᠢᠶ᠎ᠡ ᠬᠡᠪᠴᠢᠶ᠎ᠡ ᠶᠢ ᠰᠢᠯᠢᠳᠡᠭᠵᠢᠭᠦᠯᠵᠦ᠂ ᠲᠤᠬᠠᠶ ᠶᠢᠨ ᠭᠠᠵᠠᠷ ᠲᠤ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠭᠡᠶ ᠵᠡᠷᠭᠡ ᠦᠢᠯᠡ ᠠᠵᠢᠯᠯᠠᠭ᠎ᠠ ᠶᠢ ᠵᠦᠪᠰᠢᠶᠡᠷᠡᠬᠦ ᠦᠭᠡᠢ ᠪᠠᠶᠢᠪᠠᠯ᠂ ᠤᠷᠢᠳᠠᠪᠠᠷ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠭᠤᠶᠤᠴᠢᠯᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠤᠷᠢᠳᠠᠴᠢ ᠪᠠᠶᠢᠳᠠᠯ ᠢ ᠲᠣᠭᠲᠠᠭᠠᠬᠤ ᠡᠷᠬᠡ ᠮᠡᠳᠡᠯ ᠢ ᠬᠠᠤᠯᠢ ᠴᠠᠭᠠᠵᠠ ᠪᠣᠯᠤᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠭᠠᠨ ᠲᠣᠳᠣᠷᠬᠠᠶᠢᠯᠠᠪᠠ᠃     ᠳᠥᠷᠪᠡ ᠳᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠭᠤᠶᠤᠴᠢᠯᠠᠯ ᠪᠣᠯᠤᠨ ᠬᠦᠯᠢᠶᠡᠨ ᠠᠪᠴᠤ ᠰᠢᠢᠳᠪᠦᠷᠢᠯᠡᠬᠦ ᠵᠢᠷᠤᠮ ᠢ ᠲᠡᠭᠦᠯᠳᠡᠷᠵᠢᠭᠦᠯᠪᠡ᠃ ᠳᠠᠬᠢᠨ ᠵᠦᠪᠯᠡᠬᠦ ᠪᠠᠷ ᠭᠤᠶᠤᠴᠢᠯᠠᠭᠰᠠᠨ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠡᠮᠡᠵᠦ᠂ ᠳᠠᠬᠢᠨ ᠵᠥᠪᠯᠡᠬᠦ ᠶᠢᠨ ᠤᠷᠢᠳᠠᠴᠢ ᠪᠠᠶᠢᠳᠠᠯ ᠢ ᠮᠡᠳᠡᠭᠳᠡᠬᠦ ᠱᠠᠭᠠᠷᠳᠠᠯᠭ᠎ᠠ ᠶᠢ ᠳᠤᠷᠠᠳᠴᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ ᠢ ᠲᠣᠳᠣᠷᠬᠠᠶᠢᠯᠠᠨ᠂ ᠭᠤᠶᠤᠴᠢᠯᠠᠯ ᠤᠨ ᠮᠠᠲ᠋ᠧᠷᠢᠶᠠᠯ ᠢ ᠨᠥᠬᠦᠨ ᠵᠠᠯᠠᠷᠠᠭᠤᠯᠬᠤ ᠲᠦᠷᠢᠮ ᠢ ᠨᠡᠮᠡᠪᠡ᠃     ᠲᠠᠪᠤ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠵᠦ ᠰᠢᠭᠦᠨ ᠰᠢᠢᠳᠪᠦᠷᠢᠯᠡᠬᠦ ᠵᠢᠷᠤᠮ ᠢ ᠲᠡᠭᠦᠯᠳᠡᠷᠵᠢᠭᠦᠯᠪᠡ᠃ ᠳᠡᠰ ᠳᠡᠪᠰᠢᠭᠦᠯᠦᠭᠰᠡᠨ ᠰᠢᠭᠦᠬᠦ ᠳᠦᠷᠢᠮ ᠢ ᠪᠠᠶᠢᠭᠤᠯᠤᠨ᠂ ᠳᠥᠭᠦᠮ ᠵᠢᠷᠤᠮ ᠵᠢᠴᠢ ᠬᠡᠷᠡᠭᠯᠡᠭᠳᠡᠬᠦ ᠪᠠᠶᠢᠳᠠᠯ ᠢ ᠨᠡᠮᠡᠵᠦ ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠭᠡᠷᠡᠴᠢ ᠪᠠᠷᠢᠮᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠩ ᠤᠨ ᠵᠢᠷᠤᠮ ᠎ ᠢᠶᠠᠷ ᠰᠠᠨᠠᠯ ᠰᠣᠨᠣᠰᠬᠤ ᠵᠠᠷᠴᠢᠮ ᠢ ᠬᠡᠷᠡᠭᠵᠢᠭᠦᠯᠵᠦ᠂ ᠭᠡᠷᠡᠴᠢᠯᠡᠭᠡ ᠰᠣᠨᠣᠰᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ ᠺᠣᠮᠢᠰ ᠤᠨ ᠳᠦᠷᠢᠮ ᠢ ᠰᠢᠨ᠎ᠡ ᠪᠠᠷ ᠨᠡᠮᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠢᠷᠦᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠭᠠᠯᠳᠤᠭᠤᠯᠤᠨ ᠬᠢᠨᠠᠨ ᠪᠠᠶᠢᠴᠠᠭᠠᠬᠤ ᠵᠢᠷᠤᠮ ᠢ ᠳᠡᠭᠦᠯᠳᠡᠷᠵᠢᠭᠦᠯᠪᠡ᠃     ᠵᠢᠷᠭᠤᠭ᠎ᠠ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠵᠢᠴᠢ ᠬᠢᠨᠠᠯᠲᠠ ᠲᠠᠯᠪᠢᠬᠤ ᠰᠢᠰᠲ᠋ᠧᠮᠵᠢ ᠶᠢ ᠴᠢᠩᠭᠠᠷᠠᠭᠤᠯᠪᠠ᠃ ᠨᠠᠷᠢᠯᠢᠭᠵᠢᠭᠤᠯᠬᠤ ᠬᠤᠪᠢᠷᠠᠭᠤᠯᠬᠤ᠂ ᠬᠠᠤᠯᠢ ᠶᠢ ᠵᠥᠷᠢᠴᠡᠭᠰᠡᠨ ᠢ ᠨᠤᠲᠠᠯᠠᠬᠤ ᠵᠡᠷᠭᠡ ᠲᠣᠭᠲᠠᠭᠠᠯ ᠢ ᠬᠡᠷᠡᠭᠯᠡᠬᠦ ᠪᠠᠶᠢᠳᠠᠯ ᠳᠤ᠂ ᠲᠣᠭᠲᠠᠭᠠᠯ ᠤᠨ ᠵᠢᠷᠤᠮ ᠢ ᠲᠣᠬᠢᠷᠠᠭᠤᠯᠵᠤ᠂ ᠬᠦᠴᠦᠨ ᠦᠭᠡᠢ ᠪᠣᠯᠬᠤ ᠶᠢ ᠨᠤᠲᠠᠯᠠᠬᠤ᠂ ᠵᠠᠰᠠᠭ ᠵᠠᠬᠢᠷᠭᠠᠨ ᠤ ᠬᠡᠯᠡᠯᠴᠡᠭᠡᠷ ᠢ ᠵᠠᠷᠯᠢᠭᠳᠠᠨ ᠭᠦᠢᠴᠡᠳᠬᠡᠭᠦᠯᠬᠦ ᠵᠡᠷᠭᠡ ᠲᠣᠭᠲᠠᠭᠠᠯ ᠤᠨ ᠲᠦᠷᠦᠯ ᠬᠡᠯᠪᠡᠷᠢ ᠶᠢ ᠨᠡᠮᠡᠪᠡ︔  ᠵᠠᠰᠠᠭ ᠵᠠᠬᠢᠷᠭᠠᠨ ᠤ ᠳᠠᠬᠢᠨ ᠵᠥᠪᠯᠡᠬᠦ ᠰᠠᠨᠠᠯ ᠤᠨ ᠪᠢᠴᠢᠭ᠂ ᠪᠣᠯᠵᠣᠨ ᠶᠠᠷᠢᠯᠴᠠᠬᠤ ᠪᠠ ᠵᠠᠷᠯᠠᠨ ᠰᠢᠭᠦᠮᠵᠢᠯᠡᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠢ ᠬᠠᠭᠤᠯᠤᠨ ᠮᠡᠳᠡᠭᠦᠯᠬᠦ ᠵᠡᠷᠭᠡ ᠬᠢᠨᠠᠯᠲᠠ ᠲᠠᠯᠪᠢᠬᠤ ᠳᠦᠷᠢᠮ ᠢ ᠨᠡᠮᠡᠪᠡ᠃
1.jpg
2.jpg
     ᠬᠥᠲᠥᠯᠥᠭᠴᠢ᠄ ᠰᠢᠨ᠎ᠡ ᠵᠠᠰᠠᠪᠣᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠷᠢᠶᠠᠯᠠᠯ ᠤᠨ ᠪᠠᠶᠢᠭᠤᠯᠤᠯ ᠢ ᠪᠣᠳᠠᠲᠠᠶ ᠪᠠᠷ ᠶᠠᠮᠠᠷ ᠶᠠᠮᠠᠷ ᠰᠢᠯᠢᠳᠡᠭᠵᠢᠭᠦᠯᠦᠯᠲᠡ ᠬᠢᠭᠰᠡᠨ ᠪᠣᠶ︖     ᠠᠯᠳᠠᠢ᠄ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠷᠢᠶᠠᠯᠠᠯ ᠤᠨ ᠪᠠᠶᠢᠭᠤᠯᠤᠯ ᠪᠣᠯ ᠵᠠᠰᠠᠭ ᠵᠠᠬᠢᠷᠭᠠᠨ ᠤ ᠳᠠᠬᠢᠨ ᠵᠥᠪᠯᠡᠬᠦ ᠳᠦᠷᠢᠮ ᠤᠨ ᠰᠠᠭᠤᠷᠢ ᠮᠥᠨ᠂ ᠲᠣᠰ ᠤᠳᠠᠭ᠎ᠠ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠳᠤ ᠵᠠᠰᠠᠪᠤᠷᠢ ᠤᠷᠤᠭᠤᠯᠬᠤ ᠳᠠᠭᠠᠨ ᠨᠢᠭᠡᠳᠦᠯᠲᠡᠶ᠂ ᠰᠢᠨᠵᠢᠯᠡᠬᠦ ᠤᠬᠠᠭᠠᠨᠴᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠷᠢᠶᠠᠯᠠᠯ ᠤᠨ ᠪᠠᠶᠢᠭᠤᠯᠤᠯ ᠢ ᠬᠦᠴᠦᠯᠡᠨ ᠪᠠᠶᠢᠭᠤᠯᠪᠠ᠂ ᠭᠤᠤᠯᠳᠠᠭᠤ ᠳᠣᠤᠷᠠᠬᠢ ᠮᠡᠲᠦ ᠲᠣᠭᠲᠠᠭᠠᠯ ᠭᠠᠷᠭᠠᠪᠠ᠄     ᠨᠢᠭᠡ᠂ ᠰᠢᠶᠠᠨ ᠎ ᠤ ᠱᠠᠲᠤᠨ ᠎ ᠠᠴᠠ ᠳᠡᠭᠡᠭᠰᠢᠬᠢ ᠣᠷᠣᠨ ᠨᠤᠲᠤᠭ ᠎ ᠤᠨ ᠡᠯ᠎ᠡ ᠱᠠᠲᠤᠨ  ᠤ ᠠᠷᠠᠳ  ᠤᠨ ᠵᠠᠰᠠᠭ  ᠤᠨ ᠣᠷᠳᠣᠨ  ᠤ ᠵᠠᠰᠠᠭ ᠵᠠᠬᠢᠷᠭᠠᠨ  ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠎ ᠶᠢ ᠨᠢᠭᠡᠳᠦᠯᠲᠡᠶ ᠬᠡᠷᠡᠭᠵᠢᠭᠦᠯᠬᠦ  ᠶᠢ ᠲᠣᠳᠣᠷᠬᠠᠶᠢᠯᠠᠵᠤ᠂ ᠣᠷᠣᠨ ᠨᠤᠲᠤᠭ ᠎ ᠤᠨ ᠡᠯ᠎ᠡ ᠱᠠᠲᠤᠨ  ᠤ ᠠᠷᠠᠳ  ᠎ ᠤᠨ ᠵᠠᠰᠠᠭ  ᠤᠨ ᠣᠷᠳᠣᠨ  ᠎ ᠤ ᠠᠵᠢᠯ  ᠎ ᠤᠨ ᠰᠠᠯᠠᠭ᠎ᠠ ᠮᠥᠴᠢᠷ  ᠤᠨ ᠵᠠᠰᠠᠭ ᠵᠠᠬᠢᠷᠭᠠᠨ  ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ  ᠎ ᠶᠢ ᠬᠦᠴᠦᠨ ᠦᠭᠡᠶ ᠪᠣᠯᠭᠠᠪᠠ᠃     ᠬᠤᠶᠠᠷ᠂ ᠪᠣᠭᠤᠮᠲᠠ᠂ ᠮᠥᠩᠭᠦᠨ ᠭᠦᠢᠯᠭᠡᠭᠡ᠂ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠵᠡᠷᠭᠡ ᠰᠢᠭᠤᠳ ᠤᠳᠤᠷᠢᠳᠤᠯᠭ᠎ᠠ ᠶᠢ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ᠂ ᠭᠠᠶᠢᠯᠢ ᠶᠢᠨ ᠶᠠᠪᠤᠳᠠᠯ ᠪᠣᠯᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠬᠡᠪ ᠢᠶᠠᠷ ᠪᠠᠶᠢᠯᠭᠠᠨ᠎ᠠ ᠭᠡᠵᠦ ᠲᠣᠭᠲᠠᠭᠠᠪᠠ᠃     ᠭᠤᠷᠪᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠵᠢᠴᠢ ᠲᠡᠭᠦᠨ ᠤ ᠲᠣᠮᠢᠯᠠᠭᠰᠠᠨ ᠪᠠᠶᠢᠭᠤᠯᠤᠮᠵᠢ᠂ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠭᠤᠶᠤᠴᠢᠯᠠᠭᠳᠠᠭᠴᠢ ᠶᠢᠨ ᠬᠤᠪᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠬᠠᠮᠢᠶᠠᠷᠤᠨ᠎ᠠ ᠭᠡᠵᠦ ᠲᠣᠭᠲᠠᠭᠠᠪᠠ᠃     ᠳᠥᠷᠪᠡ᠂ ᠰᠢᠭᠤᠳ ᠬᠠᠷᠢᠶ᠎ᠠ ᠬᠤᠲᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠪᠠᠶᠢᠭᠤᠯᠤᠭᠰᠠᠨ ᠲᠣᠮᠢᠯᠠᠭᠰᠠᠨ ᠪᠠᠶᠢᠭᠤᠯᠤᠮᠵᠢ ᠭᠤᠶᠤᠴᠢᠯᠠᠭᠳᠠᠭᠴᠢ ᠪᠣᠯᠣᠭᠰᠠᠨ ᠵᠠᠰᠠᠭ ᠵᠠᠬᠢᠷᠭᠠᠨ ᠤ ᠳᠠᠬᠢᠨ ᠵᠦᠪᠯᠡᠬᠦ ᠬᠡᠷᠡᠭ ᠲᠤ᠂ ᠬᠠᠷᠢᠴᠠᠩᠭᠤᠶ ᠠᠮᠢᠳᠤᠯᠢᠭ ᠬᠠᠷᠢᠶᠠᠯᠠᠯ ᠤᠨ ᠳᠦᠷᠢᠮ ᠤᠨ ᠲᠣᠬᠢᠷᠠᠭᠤᠯᠤᠯᠲᠠ ᠬᠢᠪᠡ᠃     ᠲᠠᠪᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠶ ᠪᠣᠯ᠂ ᠭᠤᠶᠤᠴᠢᠯᠠᠭᠴᠢ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠭᠤᠶᠤᠴᠢᠯᠠᠵᠤ ᠪᠣᠯᠤᠨ᠎ᠠ᠂ ᠳᠡᠭᠡᠷ᠎ᠡ ᠨᠢᠭᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠭᠤᠶᠤᠴᠢᠯᠠᠭᠰᠠᠨ ᠴᠤ ᠪᠣᠯᠤᠨ᠎ᠠ᠃     ᠶᠡᠷᠦᠩᠬᠡᠶ ᠳᠤᠨᠢ ᠠᠪᠴᠤ ᠬᠡᠯᠡᠪᠡᠯ᠂ ᠬᠠᠷᠢᠶᠠᠯᠠᠯ ᠤᠨ ᠳᠦᠷᠢᠮ ᠤᠨ ᠲᠤᠬᠠᠶ ᠬᠠᠮᠤᠭ ᠤᠨ ᠭᠤᠤᠯ ᠵᠠᠰᠠᠪᠤᠷᠢ ᠣᠷᠣᠭᠤᠯᠣᠯᠲᠠ ᠨᠢ ᠰᠢᠭᠤᠳ ᠤᠳᠤᠷᠢᠳᠤᠯᠭ᠎ᠠ ᠵᠡᠷᠭᠡ  ᠣᠨᠴᠠᠭᠠᠢ ᠪᠠᠶᠢᠳᠠᠯ ᠠᠴᠠ ᠭᠠᠳᠠᠨ᠎ᠠ᠂ ᠭᠤᠶᠤᠴᠢᠯᠠᠭᠴᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠵᠢᠴᠢ ᠲᠣᠮᠢᠯᠠᠭᠰᠠᠨ ᠪᠠᠶᠢᠭᠤᠯᠤᠮᠵᠢ᠂ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠵᠡᠷᠭᠡ ᠶᠢᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠶ ᠪᠣᠯ᠂ ᠥᠩᠭᠡᠷᠡᠭᠰᠡᠨ ᠳᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠭᠤᠶᠤᠴᠢᠯᠠᠯ ᠭᠠᠷᠭᠠᠬᠤ ᠪᠤᠶᠤ ᠳᠡᠭᠡᠷ᠎ᠡ ᠨᠢᠭᠡ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠨᠢᠭᠡᠳᠦᠯᠲᠡᠶ ᠭᠤᠶᠤᠴᠢᠯᠠᠵᠤ ᠪᠠᠶᠢᠭᠰᠠᠨ ᠪᠣᠯ ᠡᠭᠦᠨ ᠠᠴᠠ ᠬᠤᠶᠢᠰᠢ ᠨᠢᠭᠡᠳᠦᠭᠦᠯᠦᠭᠡᠳ ᠲᠤᠰ ᠱᠠᠲᠤᠨ ᠤ ᠠᠷᠠᠳ ᠤᠨ ᠵᠠᠰᠠᠭ ᠤᠨ ᠣᠷᠳᠤᠨ ᠳᠤ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠭᠤᠶᠤᠴᠢᠯᠠᠵᠤ ᠪᠣᠯᠬᠤ ᠪᠣᠯᠪᠠ᠃
3.jpg
     ᠬᠥᠲᠥᠯᠥᠭᠴᠢ᠄ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠷᠠᠯ ᠳᠤ ᠣᠷᠣᠯᠴᠠᠬᠤ ᠪᠠᠷ ᠭᠤᠶᠤᠴᠢᠯᠠᠬᠤ ᠳᠤ ᠶᠠᠮᠠᠷ ᠶᠠᠮᠠᠷ ᠲᠥᠬᠦᠮ ᠨᠥᠬᠦᠴᠡᠯ ᠦᠵᠡᠭᠦᠯᠬᠦ ᠪᠣᠶ︖     ᠠᠯᠳᠠᠢ᠄ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠳᠤ ᠠᠷᠠᠳ ᠲᠤ ᠳᠥᠭᠦᠮ ᠦᠵᠡᠭᠦᠯᠬᠦ ᠣᠯᠠᠨ ᠵᠦᠢᠯ ᠤᠨ ᠠᠷᠭ᠎ᠠ ᠬᠡᠮᠵᠢᠶ᠎ᠡ ᠶᠢ ᠨᠡᠮᠡᠵᠦ᠂ ᠲᠤᠬᠠᠢ ᠶᠢᠨ ᠬᠥᠮᠥᠨ ᠭᠤᠶᠤᠴᠢᠯᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠬᠤ ᠳᠤ ᠳᠥᠭᠦᠮ ᠦᠵᠡᠭᠦᠯᠵᠦ᠂ ᠲᠤᠬᠠᠢ ᠶᠢᠨ ᠬᠥᠮᠥᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠠᠪᠤᠴᠠ ᠳᠠᠬᠢ ᠡᠯ᠎ᠡ ᠵᠦᠢᠯ ᠤᠨ ᠡᠷᠬᠡ ᠶᠢ ᠪᠠᠲᠤᠯᠠᠬᠤ ᠳᠤ ᠭᠤᠣᠯᠳᠠᠭᠤ ᠳᠣᠣᠷᠠᠬᠢ ᠮᠡᠲᠦ ᠲᠣᠭᠲᠠᠭᠠᠯ ᠭᠠᠷᠭᠠᠪᠠ᠄     ᠨᠢᠭᠡ ᠳᠤ᠂ ᠭᠤᠶᠤᠴᠢᠯᠠᠭᠴᠢ᠂ ᠭᠤᠷᠪᠠᠳᠠᠬᠢ ᠬᠥᠮᠦᠨ ᠨᠢ ᠨᠢᠭᠡ ᠠᠴᠠ ᠬᠤᠶᠠᠷ ᠬᠠᠤᠯᠢᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠪᠤᠶᠤ ᠪᠤᠰᠤᠳ ᠣᠷᠣᠯᠠᠭᠴᠢ ᠳᠤ ᠨᠠᠶᠢᠳᠠᠵᠤ ᠵᠠᠰᠠᠭ ᠵᠠᠬᠢᠷᠭᠠᠨ ᠤ ᠳᠡᠬᠢᠨ ᠵᠥᠪᠯᠡᠬᠦ ᠳᠤ ᠣᠷᠤᠯᠴᠠᠭᠤᠯᠵᠤ ᠪᠣᠯᠣᠨ᠎ᠠ᠃     ᠬᠤᠶᠠᠷ ᠲᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠵᠠᠰᠠᠭ ᠵᠠᠬᠢᠷᠭᠠᠨ ᠤ ᠳᠡᠬᠢᠨ ᠵᠥᠪᠯᠡᠬᠦ ᠪᠠᠷ ᠭᠤᠶᠤᠴᠢᠯᠠᠭᠴᠢ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠲᠡᠭᠦᠨ ᠳᠤ ᠬᠠᠤᠯᠢ ᠶᠣᠰᠣᠭᠠᠷ ᠲᠤᠰᠠᠯᠠᠮᠵᠢ ᠬᠠᠩᠭᠠᠨ᠎ᠠ᠃     ᠭᠤᠷᠪᠠ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠳᠠᠮᠵᠢᠭᠤᠯᠤᠨ ᠵᠠᠰᠠᠭ ᠵᠠᠬᠢᠷᠭᠠᠨ ᠤ ᠠᠵᠢᠯᠯᠠᠭ᠎ᠠ ᠶᠢᠨ ᠲᠣᠭᠲᠠᠭᠠᠯ ᠢ  ᠬᠦᠷᠬᠡᠭᠰᠡᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠭᠤᠶᠤᠴᠢᠯᠠᠯ ᠤᠨ ᠪᠢᠴᠢᠭ ᠲᠤᠰᠢᠶᠠᠬᠤ ᠢᠨᠲ᠋ᠧᠷ ᠰᠦᠯᠵᠢᠶᠡᠨ ᠤ ᠠᠷᠭ᠎ᠠ ᠵᠠᠮ ᠢ ᠬᠠᠮᠲᠤ ᠳᠤᠨᠢ ᠬᠠᠩᠭᠠᠨ᠎ᠠ᠃     ᠳᠥᠷᠪᠡ ᠳᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠭᠤᠶᠤᠴᠢᠯᠠᠯ ᠤᠨ ᠮᠠᠲ᠋ᠧᠷᠢᠶᠠᠯ ᠨᠢ ᠳᠤᠲᠠᠭᠤ ᠪᠤᠶᠤ ᠲᠣᠭᠠᠴᠢᠭᠰᠠᠨ ᠨᠢ ᠪᠠᠯᠠᠷᠬᠠᠢ ᠪᠠᠶᠢᠵᠤ᠂ ᠵᠠᠰᠠᠭ ᠵᠠᠬᠢᠷᠭᠠᠨ ᠤ ᠳᠡᠬᠢᠨ ᠵᠥᠪᠯᠡᠬᠦ ᠪᠠᠶᠢᠭᠤᠯᠭ᠎ᠠ ᠨᠢ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠡᠰᠡᠬᠦ ᠶᠢ ᠮᠠᠭᠠᠳᠯᠠᠬᠤ ᠶᠢᠨ ᠠᠷᠭ᠎ᠠ ᠦᠭᠡᠶ ᠪᠠᠶᠢᠪᠠᠯ᠂ ᠲᠠᠪᠤᠨ ᠡᠳᠦᠷ ᠤᠨ ᠳᠣᠲᠣᠷ᠎ᠠ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠵᠦ ᠨᠥᠬᠦᠪᠥᠷᠢᠯᠡᠨ ᠵᠠᠯᠠᠷᠠᠭᠤᠯᠤᠨ᠎ᠠ᠃     ᠲᠠᠪᠤ ᠳᠤ᠂ ᠲᠤᠬᠠᠶ ᠶᠢᠨ ᠭᠠᠵᠠᠷ ᠲᠤᠨᠢ ᠭᠠᠷᠭᠠᠭᠰᠠᠨ ᠪᠤᠶᠤ ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠲᠡᠮᠳᠡᠭᠯᠡᠭᠰᠡᠨ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠦᠨᠳᠦᠰᠦᠯᠡᠨ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠢ ᠵᠥᠪᠰᠢᠶᠡᠷᠡᠬᠦ ᠦᠭᠡᠶ ᠪᠣᠯ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠳᠠᠮᠵᠢᠭᠤᠯᠤᠨ ᠵᠠᠰᠠᠭ ᠵᠠᠬᠢᠷᠭᠠᠨ ᠤ ᠳᠠᠬᠢᠨ ᠵᠦᠪᠯᠡᠬᠦ ᠭᠤᠶᠤᠴᠢᠯᠠᠯ ᠢᠶᠠᠨ ᠲᠤᠰᠢᠶᠠᠵᠤ ᠪᠣᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号