ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2024/4/23
    ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠨᠢ ᠠᠷᠠᠳ ᠲᠦᠮᠡᠨ ᠤ ᠠᠮᠤᠷ ᠵᠢᠮᠦᠷ ᠠᠵᠤ ᠲᠦᠷᠦᠭᠦ ᠶᠢ ᠪᠠᠲᠤᠯᠠᠬᠤ ᠲᠠᠢ ᠬᠤᠯᠪᠣᠭᠳᠠᠵᠤ᠂ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠢ ᠬᠠᠮᠠᠭᠠᠯᠠᠬᠤ ᠲᠠᠢ ᠬᠤᠯᠪᠣᠭᠳᠠᠵᠤ᠂ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠲᠠᠢ ᠬᠤᠯᠪᠣᠭᠳᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠯᠦᠬᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠤᠶ᠎ᠠ᠃    ᠨᠢᠭᠡ᠂ ᠶᠡᠷᠦᠩᠬᠡᠶ ᠱᠠᠭᠠᠷᠳᠠᠯᠭ᠎ᠠ    ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠲᠤᠰᠬᠠᠶᠢᠵᠢᠭᠰᠡᠨ ᠴᠢᠭᠯᠡᠯ ᠢ ᠪᠠᠷᠢᠮᠲᠠᠯᠠᠵᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠤᠷᠮᠠᠰᠢᠭᠤᠯᠬᠤ ᠪᠠᠲᠤᠯᠠᠭ᠎ᠠ ᠶᠢ ᠴᠢᠩᠭᠠᠷᠠᠭᠤᠯᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠬᠡᠪ ᠪᠤᠯᠪᠠᠰᠤᠷᠠᠯ ᠢᠶᠠᠷ ᠰᠢᠯᠢᠳᠡᠭ ᠰᠡᠶᠢᠠ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ᠂ ᠪᠦᠲᠦᠴᠡ ᠵᠣᠬᠢᠰᠲᠠᠶ᠂ ᠣᠯᠠᠨ ᠲᠦᠮᠡᠨ ᠳᠤ ᠲᠠᠭᠠᠰᠢᠶᠠᠭᠳᠠᠭᠰᠠᠨ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢ ᠴᠢᠩᠭᠠᠳᠬᠠᠨ ᠲᠡᠭᠦᠯᠳᠡᠷᠵᠢᠭᠦᠯᠬᠦ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ᠃    5 ᠵᠢᠯ ᠣᠷᠴᠢᠮ ᠤᠨ ᠴᠠᠭ ᠬᠤᠭᠤᠴᠠᠭ᠎ᠠ ᠶᠢ ᠬᠡᠷᠡᠭᠯᠡᠵᠦ ᠪᠠᠶᠢᠭᠠᠳ ᠳᠣᠣᠷᠠᠬᠢ ᠭᠤᠣᠯ ᠬᠠᠷᠠᠯᠲᠠ ᠶᠢ ᠪᠡᠶᠡᠯᠡᠭᠦᠯᠦᠨ᠎ᠡ᠄ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮ ᠢ ᠦᠨᠳᠦᠰᠦᠨ ᠳᠤᠨᠢ ᠪᠠᠶᠢᠭᠤᠯᠵᠤ᠂ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠷᠠᠭᠤᠯᠤᠨ᠂ ᠬᠠᠮᠢᠶᠠᠷᠤᠯᠲᠠ ᠶᠢᠨ ᠳᠦᠷᠢᠮ ᠢ ᠨᠡᠩ ᠰᠢᠨᠵᠢᠯᠡᠬᠦ ᠤᠬᠠᠭᠠᠨᠴᠢ ᠪᠣᠯᠭᠠᠵᠤ᠂ ᠤᠷᠮᠠᠰᠢᠭᠤᠯᠤᠨ ᠪᠠᠲᠤᠯᠠᠬᠤ ᠲᠣᠭᠲᠡᠴᠡ ᠶᠢ ᠴᠢᠨᠠᠬᠰᠢᠳᠠ ᠪᠦᠷᠢᠨᠰᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠢ ᠬᠠᠯᠠᠮᠵᠢᠯᠠᠨ ᠬᠠᠶᠢᠷᠠᠯᠠᠬᠤ ᠠᠭᠤᠷ ᠠᠮᠢᠰᠬᠤᠯ ᠢ ᠡᠳᠦᠷ ᠢᠷᠡᠬᠦᠶ᠎ᠡ ᠥᠳᠭᠡᠷᠡᠭᠦᠯᠦᠨ᠎ᠡ︔ ᠨᠡᠶᠢᠭᠡᠮ ᠲᠣᠭᠤᠷᠢᠭ ᠤᠨ ᠠᠵᠢᠯᠲᠠᠨ ᠤ ᠤᠯᠤᠰ ᠲᠥᠷᠥ ᠶᠢᠨ ᠬᠡᠪ ᠪᠤᠯᠪᠠᠰᠤᠷᠠᠯ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ᠂ ᠠᠵᠢᠯ ᠤᠨ ᠰᠤᠷᠲᠠᠯ ᠢ ᠪᠥᠬᠦ ᠲᠠᠯ᠎ᠠ ᠪᠠᠷ ᠴᠢᠩᠭᠠᠷᠠᠭᠤᠯᠵᠤ ᠂ ᠡᠩᠨᠡᠭᠡ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠴᠠᠯᠢᠩ ᠣᠷᠣᠯᠭ᠎ᠠ ᠶᠢ ᠵᠦᠶ ᠵᠣᠬᠢᠰᠲᠠᠶ ᠪᠠᠲᠤᠯᠠᠵᠤ᠂ ᠠᠵᠢᠯ ᠤᠨ ᠲᠤᠬᠠᠢ ᠮᠡᠳᠡᠷᠡᠭᠳᠡᠬᠦ ᠰᠡᠳᠭᠢᠯᠭᠡ ᠪᠠ ᠣᠮᠣᠭᠰᠢᠯᠳᠤ ᠰᠡᠳᠭᠢᠯᠭᠡ ᠶᠢ ᠦᠨᠡᠨ ᠬᠦ ᠴᠢᠩᠭᠠᠷᠠᠭᠤᠯᠵᠤ᠂ ᠠᠷᠠᠳ ᠲᠦᠮᠡᠨ ᠤ ᠲᠥᠯᠥᠭᠡ ᠵᠢᠳᠭᠦᠬᠦ ᠠᠷᠠᠳ ᠢᠶᠠᠨ ᠬᠠᠶᠢᠷᠠᠯᠠᠬᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠴᠢᠨᠠᠭᠰᠢᠳᠠ ᠳᠡᠭᠡᠭᠰᠢᠯᠡᠭᠦᠯᠦᠨ᠎ᠡ᠃    ᠬᠤᠶᠠᠷ᠂ ᠠᠵᠢᠯ ᠤᠨ ᠰᠢᠰᠲ᠋ᠧᠮ ᠢ ᠪᠦᠷᠢᠨᠰᠢᠭᠦᠯᠦᠨ᠎ᠡ    1. ᠠᠵᠢᠯᠲᠠᠨ ᠤ ᠬᠡᠪᠴᠢᠶ᠎ᠡ ᠶᠢ ᠲᠣᠳᠣᠷᠬᠠᠶᠢᠯᠠᠨ᠎ᠠ᠃ ᠲᠤᠰ ᠰᠠᠨᠠᠯ ᠳᠤ ᠬᠡᠯᠡᠵᠦ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠨ ᠭᠡᠳᠡᠭ ᠨᠢ ᠨᠡᠶᠢᠭᠡᠮ ᠲᠣᠭᠤᠷᠢᠭ ᠲᠤ ᠨᠠᠮ ᠤᠨ ᠪᠠᠶᠢᠭᠤᠯᠤᠯᠲᠠ᠂ ᠵᠠᠰᠠᠯᠲᠠ᠂ ᠦᠢᠯᠡᠴᠢᠯᠡᠭᠡᠨ ᠤ ᠠᠵᠢᠯ ᠬᠢᠵᠦ ᠪᠠᠶᠢᠭ᠎ᠠ ᠪᠦᠬᠦᠯᠢ ᠡᠳᠦᠷ ᠤᠨ ᠳᠦᠷᠢᠮᠲᠦ ᠲᠤᠰᠬᠠᠶ ᠲᠤᠰᠢᠶᠠᠯ ᠤᠨ ᠠᠵᠢᠯᠲᠠᠨ ᠢ ᠵᠢᠭᠠᠵᠤ ᠪᠤᠶ᠂ ᠭᠤᠣᠯᠳᠠᠭᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠪᠦᠷᠢᠯᠳᠦᠬᠦᠨ ᠤ ᠳᠣᠲᠣᠷᠠᠬᠢ ᠲᠤᠰᠬᠠᠶ ᠲᠤᠰᠢᠶᠠᠯ ᠤᠨ ᠠᠵᠢᠯᠲᠠᠨ ︵ᠳᠣᠷᠣᠭᠰᠢ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠲᠤᠰᠬᠠᠶ ᠲᠤᠰᠢᠶᠠᠯ ᠤᠨ ᠪᠦᠷᠢᠯᠳᠦᠬᠦᠨ ᠭᠡᠵᠦ ᠲᠣᠪᠴᠢᠯᠠᠨ᠎ᠠ︶ ᠪᠣᠯᠤᠨ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯ ᠤᠨ ᠠᠵᠢᠯᠲᠠᠨ ᠢ ᠪᠠᠭᠲᠠᠭᠠᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠲᠤᠰᠬᠠᠶ ᠲᠤᠰᠢᠶᠠᠯ ᠤᠨ ᠪᠦᠷᠢᠯᠳᠦᠬᠦᠨ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠤᠷᠢᠨ ᠲᠤᠮᠢᠯᠠᠨ᠎ᠠ︔ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯ ᠤᠨ ᠠᠵᠢᠯᠲᠠᠨ ᠢ ᠲᠤᠰᠬᠠᠶ ᠣᠷᠣᠨ ᠤ ᠲᠡᠰ ᠤᠨ ᠬᠤᠳᠠ ᠶᠢᠨ ᠱᠠᠲᠤ ᠪᠤᠶᠤ ᠰᠢᠶᠠᠨ ᠤ ᠱᠠᠲᠤᠨ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠡᠯᠰᠡᠵᠦ᠂ ᠵᠡᠭᠡᠯᠢ ᠭᠤᠳᠤᠮᠵᠢ ︵ᠰᠢᠶᠠᠩ ᠪᠠᠯᠭᠠᠰᠤ︶ ᠠᠴᠠ ᠲᠥᠪᠯᠡᠷᠡᠭᠦᠯᠦᠨ ᠬᠠᠮᠢᠶᠠᠷᠴᠤ᠂ ᠨᠡᠶᠢᠭᠡᠮ ᠲᠣᠭᠤᠷᠢᠭ ᠠᠴᠠ ᠨᠢᠭᠡᠳᠦᠯᠲᠡᠶ ᠲᠥᠯᠥᠪᠵᠢᠬᠦᠯᠦᠨ ᠬᠡᠷᠡᠭᠯᠡᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠭᠡᠴᠢ︶ ᠤᠨ ᠣᠯᠠᠨ ᠲᠠᠯ᠎ᠠ ᠠᠴᠠ ᠠᠵᠢᠯ ᠤᠨ ᠪᠠᠶᠢᠷᠢ ᠳᠣᠭᠢᠷᠠᠭᠤᠯᠤᠨ ᠡᠯᠰᠡᠬᠦ ᠠᠵᠢᠯᠯᠠᠭ᠎ᠠ ᠶᠢ ᠵᠢᠷᠤᠮᠵᠢᠭᠤᠯᠵᠤ᠂ ᠡᠭᠦᠨ ᠠᠴᠠ ᠡᠮᠦᠨ᠎ᠡ ᠡᠯᠰᠡᠭᠰᠡᠨ ᠨᠡᠶᠢᠭᠡᠮ ᠲᠣᠭᠤᠷᠢᠭ ᠲᠤ ᠠᠵᠢᠯᠯᠠᠵᠤ ᠪᠠᠶᠢᠭ᠎ᠠ ᠲᠤᠤᠷᠵᠢᠭᠤᠯᠤᠯᠲᠠ ᠶᠢᠨ ᠠᠵᠢᠯᠲᠠᠨ ᠵᠡᠷᠭᠡ ᠲᠤᠰᠬᠠᠶ ᠲᠤᠰᠢᠶᠠᠯ ᠤᠨ ᠠᠵᠢᠯᠲᠠᠨ ᠨᠥᠬᠦᠴᠡᠯ ᠳᠤ ᠨᠡᠶᠢᠴᠡᠪᠡᠯ ᠢᠯᠡ ᠪᠠᠷ ᠡᠯᠰᠡᠬᠦ ᠲᠣᠭᠲᠠᠭᠠᠯ ᠶᠣᠰᠣᠭᠠᠷ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯ ᠤᠨ ᠠᠵᠢᠯᠲᠠᠨ ᠢᠶᠠᠷ ᠤᠷᠢᠨ ᠬᠡᠷᠡᠭᠯᠡᠵᠦ ᠪᠤᠯᠤᠨ᠎ᠠ᠂ ᠰᠢᠶᠠᠨ ᠤ ᠱᠠᠲᠤᠨ ᠠᠴᠠ ᠤᠤᠯ ᠤᠨ ᠤᠷᠢᠨ ᠬᠡᠷᠡᠭᠯᠡᠭᠰᠡᠨ ᠰᠠᠯᠠᠭ᠎ᠠ ᠮᠥᠴᠢᠷ ︵ᠨᠢᠭᠡᠴᠢ︶ ᠤᠨ ᠬᠠᠮᠢᠶ᠎ᠠ ᠪᠥᠬᠦᠶ ᠠᠵᠢᠯᠲᠠᠨ ᠤ ᠵᠠᠷᠤᠳᠠᠯ ᠢ ᠨᠢᠭᠡᠳᠦᠯᠲᠡᠶ ᠲᠥᠯᠥᠪᠵᠢᠬᠦᠯᠦᠨ ᠪᠠᠲᠤᠯᠠᠨ᠎ᠠ᠃    2. ᠤᠯᠤᠰ ᠲᠥᠷᠥ ᠶᠢᠨ ᠪᠣᠭᠤᠮᠲᠠ ᠶᠢ ᠴᠢᠩᠭ᠎ᠠ ᠰᠠᠬᠢᠨ᠎ᠠ᠃ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠳᠡᠭ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠪᠤᠯᠪᠠᠰᠤᠷᠠᠯ ᠢᠶᠠᠷ ᠰᠠᠶᠢᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠰᠠᠬᠢᠳᠠᠭ᠂ ᠰᠠᠭᠤᠭᠠᠯᠢ ᠠᠷᠠᠳ ᠲᠤ ᠬᠠᠯᠠᠭᠤᠨ ᠰᠡᠳᠭᠢᠯ ᠢᠶᠠᠷ ᠦᠢᠯᠡᠴᠢᠯᠡᠳᠡᠭ ᠬᠥᠮᠦᠰ ᠢ ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡᠨ ᠳᠤ ᠡᠯᠰᠡᠨ ᠣᠷᠣᠭᠤᠯᠤᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠳᠤ ᠰᠢᠯᠢᠳᠡᠭ ᠢ ᠨᠢ ᠰᠣᠩᠭᠤᠨ ᠬᠦᠴᠦᠷᠭᠡᠭ ᠢ ᠨᠢ ᠲᠣᠬᠢᠷᠠᠭᠤᠯᠵᠤ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠢ ᠪᠠᠶᠢᠭᠤᠯᠤᠨ ᠬᠦᠴᠦᠷᠬᠡᠭᠵᠢᠭᠦᠯᠵᠦ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠶ ᠪᠠᠷ ᠵᠠᠰᠠᠬᠤ᠂ ᠣᠯᠠᠨ ᠲᠦᠮᠡᠨ ᠤ ᠢᠲᠡᠭᠡᠯ ᠢ ᠤᠯᠬᠤ ᠶᠢ ᠪᠡᠶᠡᠯᠡᠭᠦᠯᠦᠨ᠎ᠡ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠭᠡᠯ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ ᠪᠦᠷᠢᠨᠰᠢᠬᠦᠯᠵᠦ᠂ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯ ᠤᠨ ᠰᠢᠯᠢᠳᠡᠭ ᠠᠵᠢᠯᠲᠠᠨ ᠤ ᠳᠣᠲᠣᠷ᠎ᠠ ᠠᠴᠠ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠲᠤᠰᠬᠠᠶ ᠲᠤᠰᠢᠶᠠᠯ ᠤᠨ ᠪᠦᠷᠢᠯᠳᠦᠬᠦᠨ ᠤ ᠪᠡᠯᠡᠳᠭᠡᠯ ᠬᠦᠴᠦᠨ ᠢ ᠬᠥᠮᠦᠵᠢᠭᠦᠯᠬᠦ ᠶᠢ ᠴᠢᠬᠤᠯᠠᠴᠢᠯᠠᠨ᠎ᠠ᠃    3. ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠤᠨ ᠬᠢᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠲᠦᠮᠡᠨ ᠬᠥᠮᠦᠨ ᠠᠮᠠ ᠪᠦᠷᠢ ᠳᠤ 18 ᠨᠡᠶᠢᠭᠡᠮ ᠲᠣᠭᠤᠷᠢᠭ ᠤᠨ ᠠᠵᠢᠯᠲᠠᠨ ᠪᠠᠶᠢᠬᠤ ᠪᠠᠷᠢᠮᠵᠢᠶ᠎ᠠ ᠶᠣᠰᠣᠭᠠᠷ ᠲᠣᠬᠢᠷᠠᠭᠤᠯᠤᠯᠲᠠ ᠬᠢᠵᠦ᠂ ᠲᠤᠰᠬᠠᠶ ᠣᠷᠣᠨ ᠤ ᠲᠡᠰ ᠤᠨ ᠬᠤᠲᠠ ᠶᠢᠨ ᠱᠠᠲᠤ ᠪᠤᠶᠤ ᠰᠢᠶᠠᠨ ᠤ ᠱᠠᠲᠤᠨ ᠤ ᠲᠠᠪᠬᠤᠷᠭ᠎ᠠ ᠠᠴᠠ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠥᠳᠡᠯᠦᠩᠭᠦᠶ ᠲᠣᠬᠢᠷᠠᠭᠤᠯᠤᠯᠲᠠ ᠬᠢᠨ᠎ᠠ᠃ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯ ᠤᠨ ᠠᠵᠢᠯᠲᠠᠨ ᠡᠯᠰᠡᠬᠦ ᠳᠤ ᠢᠯᠡ ᠪᠥᠭᠡᠳ ᠡᠷᠬᠡ ᠲᠡᠭᠰᠢ᠂ ᠥᠷᠢᠰᠥᠯᠳᠦᠭᠦᠯᠬᠦ ᠪᠠᠷ ᠲᠠᠮᠵᠢᠨ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠨ᠂ ᠣᠶᠢᠷ᠎ᠠ ᠬᠠᠪᠢ ᠳᠤᠨᠢ ᠪᠠᠶᠢᠬᠤ ᠬᠦᠮᠦᠨ ᠳ᠋ᠤ᠋ ᠳᠥᠭᠦᠮ ᠦᠵᠡᠭᠦᠯᠬᠦ᠂ ᠰᠠᠭᠤᠬᠤ ᠪᠠ ᠡᠵᠢᠯᠯᠠᠬᠤ ᠢᠢ ᠬᠠᠮᠲᠤ ᠳᠤᠨᠢ ᠬᠠᠷᠠᠭᠠᠯᠵᠠᠬᠤ ᠶᠢ ᠵᠣᠷᠢᠭᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠬᠳᠠᠬᠰᠠᠳ᠂ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠵᠡᠷᠭᠡ ᠶᠢ ᠢᠳᠡᠪᠬᠢᠲᠡᠶ ᠪᠠᠷ ᠰᠢᠩᠭᠡᠭᠡᠨ ᠠᠪᠴᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠡᠭᠡᠯᠢ ᠭᠤᠳᠤᠮᠵᠢ ︵ᠰᠢᠶᠠᠩ ᠪᠠᠯᠭᠠᠰᠤ︶ ᠨᠢ ᠨᠡᠶᠢᠭᠡᠮ ᠲᠣᠭᠤᠷᠢᠭ ᠤᠨ ᠬᠡᠪᠴᠢᠶ᠎ᠡ᠂ ᠬᠥᠮᠦᠨ ᠠᠮᠠ ᠶᠢᠨ ᠪᠦᠲᠦᠴᠡ᠂ ᠠᠵᠢᠯ ᠤᠨ ᠡᠭᠦᠷᠭᠡ ᠵᠡᠷᠭᠡ ᠶᠢ ᠦᠨᠳᠦᠰᠦᠯᠡᠨ᠂ ᠬᠠᠷᠢᠶ᠎ᠠ ᠪᠦᠬᠦᠢ ᠨᠡᠶᠢᠭᠡᠮ ᠲᠣᠭᠤᠷᠢᠭ ᠲᠤ ᠲᠣᠬᠢᠷᠠᠭᠤᠯᠤᠭᠰᠠᠨ ᠨᠡᠶᠢᠭᠡᠮ ᠲᠣᠭᠤᠷᠢᠭ ᠤᠨ ᠲᠤᠰᠬᠠᠶ ᠲᠤᠰᠢᠶᠠᠯ ᠤᠨ ᠠᠵᠢᠯᠲᠠᠨ ᠢ ᠨᠢᠭᠡᠳᠦᠯᠲᠡᠶ ᠲᠥᠯᠥᠪᠵᠢᠬᠦᠯᠦᠨ ᠲᠣᠬᠢᠷᠠᠭᠤᠯᠵᠤ ᠪᠣᠯᠤᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠢ ᠰᠣᠩᠭᠤᠨ ᠲᠣᠮᠢᠯᠠᠵᠤ ᠨᠡᠶᠢᠭᠡᠮ ᠲᠣᠭᠤᠷᠢᠭ ᠲᠤ ᠣᠴᠢᠭᠤᠯᠤᠨ ᠲᠦᠷ ᠴᠠᠭ ᠲᠤᠰᠢᠶᠠᠯ ᠡᠭᠦᠷᠭᠡᠯᠡᠭᠦᠯᠬᠦ ᠪᠤᠶᠤ ᠲᠤᠰᠢᠶᠠᠯ ᠡᠭᠦᠷᠭᠡᠯᠡᠭᠦᠯᠬᠦ ᠶᠢ ᠠᠬᠢᠭᠤᠯᠵᠤ᠂ ᠰᠢᠨ᠎ᠡ ᠪᠠᠷ ᠠᠵᠢᠯ ᠳᠤ ᠭᠠᠷᠤᠭᠰᠠᠨ ᠠᠯᠪᠠᠲᠠᠨ ᠢ ᠨᠡᠶᠢᠭᠡᠮ ᠲᠣᠭᠤᠷᠢᠭ ᠲᠤ ᠣᠴᠢᠭᠤᠯᠤᠨ ᠪᠣᠯᠪᠠᠰᠤᠷᠠᠭᠤᠯᠬᠤ ᠲᠣᠭᠲᠡᠴᠡ ᠶᠢ ᠰᠦᠪᠡᠭᠴᠢᠯᠡᠨ ᠪᠠᠶᠢᠭᠤᠯᠤᠨ᠎ᠠ᠃    4. ᠠᠵᠢᠯ ᠮᠡᠷᠭᠡᠵᠢᠯ ᠤᠨ ᠲᠦᠪᠰᠢᠨ ᠬᠢᠭᠡᠳ ᠠᠵᠢᠯ ᠤᠨ ᠪᠠᠶᠢᠷᠢ ᠶᠢᠨ ᠳᠡᠰ ᠢ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠤᠯᠤᠰ ᠤᠨ ᠠᠵᠢᠯ ᠮᠡᠷᠭᠡᠵᠢᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠴᠢᠳᠠᠪᠤᠷᠢ ᠶᠢᠨ ᠲᠦᠪᠰᠢᠨ ᠢ ᠰᠢᠨᠵᠢᠯᠡᠬᠦ ᠤᠬᠠᠭᠠᠨᠴᠢ ᠪᠠᠷ ᠦᠨᠡᠯᠡᠨ᠎ᠡ᠃ ᠨᠡᠶᠢᠭᠡᠮ ᠲᠣᠭᠤᠷᠢᠭ ᠤᠨ ᠠᠵᠢᠯᠲᠠᠳ ᠤᠨ ᠪᠦᠬᠦ ᠤᠯᠤᠰ ᠤᠨ ᠨᠡᠶᠢᠭᠡᠮ ᠤᠨ ᠠᠵᠢᠯᠲᠠᠳ ᠤᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠪᠣᠯᠤᠨ ᠰᠢᠯᠭᠠᠷᠠᠭᠤᠯᠤᠯᠲᠠ ᠳᠤ ᠣᠷᠣᠯᠴᠠᠬᠤ ᠶᠢ ᠳᠡᠮᠵᠢᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠴᠢᠳᠠᠪᠤᠷᠢ ᠶᠢᠨ ᠲᠦᠪᠰᠢᠨ ᠬᠢᠭᠡᠳ ᠬᠠᠮᠢᠶ᠎ᠠ ᠪᠦᠬᠦᠢ ᠠᠵᠢᠯ ᠮᠡᠷᠭᠡᠵᠢᠯ ᠤᠨ ᠴᠢᠳᠠᠪᠤᠷᠢ ᠶᠢᠨ ᠳᠡᠰ ᠵᠡᠷᠭᠡ ᠶᠢᠨ ᠬᠤᠣᠰ ᠴᠢᠭᠯᠡᠯ ᠢᠶᠠᠷ ᠬᠠᠷᠢᠴᠠᠭᠤᠯᠤᠨ ᠠᠳᠠᠯᠢᠳᠬᠠᠬᠤ ᠲᠣᠭᠲᠡᠴᠡ ᠶᠢ ᠰᠦᠪᠡᠭᠴᠢᠯᠡᠨ ᠪᠠᠶᠢᠭᠤᠯᠤᠨ᠎ᠠ᠃ ᠱᠠᠲᠤᠯᠢᠭ ᠬᠥᠭᠵᠢᠭᠰᠡᠨ᠂ ᠳᠡᠰ ᠨᠢ ᠲᠣᠳᠣᠷᠬᠠᠶ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ᠂ ᠠᠵᠢᠯᠯᠠᠭᠠᠨ ᠨᠢ ᠪᠦᠲᠦᠮᠵᠢᠲᠡᠶ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠳᠡᠰ ᠤᠨ ᠴᠤᠪᠤᠷᠠᠯ ᠢ ᠬᠦᠴᠦᠯᠡᠨ ᠪᠠᠶᠢᠭᠤᠯᠵᠤ ᠪᠦᠷᠢᠨᠰᠢᠭᠦᠯᠦᠨ᠎ᠡ᠃ ᠨᠡᠶᠢᠭᠡᠮ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ ᠠᠵᠢᠯ ᠤᠨ ᠪᠠᠶᠢᠷᠢ ᠶᠢᠨ ᠲᠥᠷᠥᠯ ᠢᠯᠭᠠᠯ ᠢ ᠬᠤᠪᠢᠶᠠᠷᠢᠯᠠᠵᠤ᠂ ᠲᠥᠷᠥᠯ ᠪᠦᠷᠢ ᠶᠢᠨ ᠠᠵᠢᠯ ᠤᠨ ᠪᠠᠶᠢᠷᠢ ᠳᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠨᠡᠶᠢᠭᠡᠮ ᠲᠣᠭᠤᠷᠢᠭ ᠲᠤ ᠠᠵᠢᠯᠯᠠᠭᠰᠠᠨ ᠣᠨ ᠵᠢᠯ᠂ ᠠᠵᠢᠯ ᠮᠡᠷᠭᠡᠵᠢᠯ ᠤᠨ ᠲᠦᠪᠰᠢᠨ᠂ ᠰᠤᠷᠤᠯᠭ᠎ᠠ ᠶᠢᠨ ᠨᠠᠮᠲᠠᠷ ᠤᠨ ᠳᠡᠰ ᠳᠠᠪᠬᠤᠷᠭ᠎ᠠ ᠵᠡᠷᠭᠡ ᠶᠢ ᠦᠨᠳᠦᠰᠦᠯᠡᠨ ᠡᠳᠦᠶ ᠲᠡᠳᠦᠶ ᠳᠡᠰ ᠬᠤᠪᠢᠶᠠᠵᠤ᠂ ᠠᠵᠢᠯ ᠤᠨ ᠪᠠᠶᠢᠷᠢ ᠶᠢᠨ ᠳᠡᠰ ᠢ ᠨᠢ ᠠᠵᠢᠯ ᠤᠨ ᠪᠠᠶᠢᠷᠢ ᠶᠢᠨ ᠳᠡᠰ ᠳᠡᠪᠰᠢᠬᠦ᠂ ᠨᠡᠶᠢᠭᠡᠮ ᠲᠣᠭᠤᠷᠢᠭ ᠲᠤ ᠠᠵᠢᠯᠯᠠᠭᠰᠠᠨ ᠣᠨ ᠵᠢᠯ ᠨᠢ ᠨᠡᠮᠡᠭᠳᠡᠬᠦ᠂ ᠠᠵᠢᠯ ᠮᠡᠷᠭᠡᠵᠢᠯ ᠤᠨ ᠲᠦᠪᠰᠢᠨ ᠨᠢ ᠳᠡᠭᠡᠭᠰᠢᠯᠡᠬᠦ ᠶᠢ ᠳᠠᠭᠠᠯᠳᠤᠨ ᠵᠣᠬᠢᠴᠠᠩᠭᠤᠶ ᠪᠠᠷ ᠳᠡᠭᠡᠭᠰᠢᠯᠡᠭᠦᠯᠦᠨ᠎ᠡ᠃ ᠮᠤᠵᠢ ᠶᠢᠨ ᠱᠠᠲᠤ ᠪᠤᠶᠤ ᠲᠤᠰᠬᠠᠶ ᠣᠷᠣᠨ ᠤ ᠲᠠᠰ ᠤᠨ ᠬᠤᠲᠠ ᠶᠢᠨ ᠳᠠᠪᠬᠤᠷᠭ᠎ᠠ ᠠᠴᠠ ᠠᠵᠢᠯ ᠤᠨ ᠪᠠᠶᠢᠷᠢ ᠶᠢᠨ ᠲᠠᠰ ᠤᠨ ᠴᠤᠪᠤᠷᠠᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠮᠤᠵᠢ ᠶᠢᠨ ᠳᠣᠲᠣᠷ᠎ᠠ ᠪᠠᠨ ᠬᠠᠷᠢᠯᠴᠠᠨ ᠮᠡᠳᠡᠷᠡᠬᠦ ᠲᠣᠭᠲᠡᠴᠡ ᠶᠢ ᠪᠠᠶᠢᠭᠤᠯᠵᠤ᠂ ᠮᠤᠵᠢ ᠶᠢᠨ ᠳᠣᠲᠣᠷ᠎ᠠ ᠪᠠᠨ ᠠᠵᠢᠯ ᠤᠨ ᠪᠠᠶᠢᠷᠢ ᠪᠠᠨ ᠰᠤᠯᠢᠬᠤ ᠳᠤ ᠭᠦᠷᠪᠡᠯ᠂ ᠨᠡᠶᠢᠭᠡᠮ ᠲᠣᠭᠤᠷᠢᠭ ᠲᠤ ᠠᠵᠢᠯᠯᠠᠭᠰᠠᠨ ᠣᠨ ᠵᠢᠯ ᠢ ᠨᠢ ᠨᠡᠶᠢᠯᠡᠭᠦᠯᠦᠨ ᠪᠤᠳᠤᠵᠤ ᠦᠭᠴᠦ ᠪᠣᠯᠤᠨ᠎ᠠ᠃    ᠭᠤᠷᠪᠠ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ    5. ᠤᠯᠤᠰ ᠲᠥᠷᠥ ᠶᠢᠨ ᠬᠡᠪ ᠪᠤᠯᠪᠠᠰᠤᠷᠠᠯ ᠢ ᠳᠡᠭᠡᠭᠰᠢᠯᠡᠭᠦᠯᠦᠨ᠎ᠡ᠃ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠠᠵᠢᠯᠳᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠤᠯᠤᠰ ᠲᠥᠷᠥ ᠶᠢᠨ ᠵᠥᠪ ᠪᠤᠷᠤᠭᠤ ᠶᠢ ᠢᠯᠭᠠᠨ ᠲᠠᠨᠢᠬᠤ᠂ ᠤᠯᠤᠰ ᠲᠥᠷᠥ ᠶᠢᠨ ᠲᠣᠭᠲᠠᠯ ᠬᠦᠴᠦᠨ ᠢ ᠪᠠᠲᠤᠯᠠᠬᠤ ᠴᠢᠳᠠᠪᠤᠷᠢ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠬᠥᠮᠦᠵᠢᠯ ᠢ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠢ ᠬᠥᠲᠥᠯᠥᠨ ᠵᠢᠯᠣᠭᠤᠳᠴᠤ ᠤᠬᠠᠮᠰᠠᠷ ᠠᠴᠠ ᠪᠠᠨ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠳᠣᠣᠷ᠎ᠠ ᠠᠵᠢᠯ ᠢᠶᠠᠨ ᠥᠷᠨᠢᠭᠦᠯᠵᠦ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠡᠶᠢᠭᠡᠮ ᠲᠣᠭᠤᠷᠢᠭ ᠲᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠰᠠᠬᠢᠯᠭ᠎ᠠ ᠪᠠᠲᠤ ᠶᠢᠨ ᠦᠵᠡᠯ ᠤᠬᠠᠮᠰᠠᠷ᠂ ᠶᠣᠰᠣ ᠳᠦᠷᠢᠮ ᠤᠨ ᠦᠵᠡᠯ ᠤᠬᠠᠮᠰᠠᠷ ᠢ ᠴᠢᠩᠭᠠᠷᠠᠭᠤᠯᠤᠨ᠎ᠠ᠃    6. ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠣᠯᠠᠨ ᠲᠦᠮᠡᠨ ᠤ ᠠᠵᠢᠯ ᠢ ᠴᠢᠩᠭᠠᠳᠬᠠᠬᠤ᠂ ᠵᠣᠬᠢᠶᠠᠨ ᠪᠠᠶᠢᠭᠤᠯᠤᠨ ᠳᠠᠶᠢᠴᠢᠯᠠᠬᠤ᠂ ᠬᠠᠤᠯᠢ ᠶᠣᠰᠣᠭᠠᠷ ᠤᠴᠢᠷ ᠶᠠᠪᠤᠳᠠᠯ ᠬᠦᠢᠴᠡᠳᠬᠡᠬᠦ᠂ ᠵᠥᠷᠢᠴᠡᠯ ᠢ ᠡᠶᠡᠳᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ᠂ ᠵᠣᠬᠢᠴᠠᠭᠤᠯᠤᠨ ᠨᠡᠪᠲᠡᠷᠡᠯᠴᠡᠬᠦ᠂ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠵᠡᠷᠭᠡ ᠲᠠᠯ᠎ᠠ ᠶᠢᠨ ᠴᠢᠳᠠᠪᠤᠷᠢ ᠶᠢᠨ ᠪᠣᠯᠪᠠᠰᠤᠷᠠᠯ ᠢ ᠴᠢᠬᠤᠯᠠᠴᠢᠯᠠᠨ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠳᠠᠲᠠᠶ ᠰᠤᠷᠢᠯᠲᠠ ᠪᠣᠯᠪᠠᠰᠤᠷᠠᠯ ᠬᠢᠬᠦ ᠶᠢ ᠳᠣᠪᠤᠶᠢᠯᠭᠠᠵᠤ᠂ ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ᠂ ᠳᠠᠭᠤᠷᠢᠶᠠᠮᠠᠯ ᠵᠢᠭᠠᠨ ᠰᠤᠷᠭᠠᠯᠲᠠ ᠬᠢᠬᠦ᠂ ᠲᠤᠬᠠᠶ ᠶᠢᠨ ᠲᠠᠯᠠᠪᠤᠷ ᠲᠤ ᠲᠣᠭᠤᠷᠢᠨ ᠰᠤᠷᠤᠯᠴᠠᠬᠤ ᠵᠡᠷᠭᠡ ᠠᠷᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠨᠢ ᠨᠡᠮᠡᠭᠳᠡᠭᠦᠯᠦᠨ᠎ᠡ᠃ ︽ᠨᠡᠶᠢᠭᠡᠮ ᠲᠣᠭᠤᠷᠢᠭ ᠤᠨ ᠠᠵᠢᠯ ᠤᠨ ᠬᠠᠤᠯᠢ︾ ᠢᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠬᠤ ᠪᠠ ᠪᠣᠯᠪᠠᠰᠤᠷᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ ᠶᠢ ᠴᠢᠩᠭᠠᠳᠬᠠᠨ᠎ᠠ᠃ ︽ᠪᠥᠬᠦ ᠠᠵᠢᠯ ᠤᠨ ᠪᠠᠶᠢᠷᠢ ᠶᠢ ᠨᠡᠪᠲᠡᠷᠡᠭᠦᠯᠬᠦ︾ ᠠᠵᠢᠯ ᠤᠨ ᠲᠣᠭᠲᠡᠴᠡ ᠶᠢ ᠬᠡᠷᠡᠭᠵᠢᠭᠦᠯᠵᠦ᠂ ︽ᠨᠢᠭᠡ ᠵᠦᠢᠯ ᠳᠤ ᠴᠠᠭᠠᠷᠠᠵᠤ ᠣᠯᠠᠨ ᠵᠦᠢᠯ ᠳᠤ ᠮᠡᠷᠭᠡᠰᠢᠭᠰᠡᠨ︾ ᠨᠡᠶᠢᠭᠡᠮ ᠲᠣᠭᠤᠷᠢᠭ ᠤᠨ ᠠᠵᠢᠯ ᠤᠨ ᠶᠡᠷᠦᠩᠬᠡᠶ ᠰᠠᠯᠠᠭᠠᠨ ᠤ ᠴᠢᠳᠠᠪᠤᠷᠢᠲᠠᠨ ᠢ ᠬᠥᠮᠦᠵᠢᠭᠦᠯᠦᠨ᠎ᠡ᠃ ︽ᠵᠢᠯᠣᠭᠤᠳᠣᠭᠴᠢ ᠪᠠᠭᠰᠢ ᠶᠢᠨ ᠬᠠᠪᠰᠤᠷᠤᠨ ᠳᠠᠭᠠᠭᠤᠯᠬᠤ ᠲᠦᠷᠢᠮ︾ ᠢ ᠪᠠᠶᠢᠭᠤᠯᠤᠨ᠎ᠠ᠃ ᠪᠥᠬᠦ ᠤᠯᠤᠰ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠡᠷᠭᠢᠯᠡᠬᠦ ᠶᠢ ᠰᠦᠪᠡᠭᠴᠢᠯᠡᠨ᠎ᠡ᠃    7. ᠰᠠᠭᠤᠭᠠᠯᠢ ᠠᠷᠠᠳ ᠤᠯᠠᠨ ᠲᠦᠮᠡᠨ ᠳᠤ ᠦᠢᠯᠡᠴᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠳᠤ ᠪᠤᠶᠠᠨ ᠦᠢᠯᠡᠳᠬᠦ ᠶᠢ ᠦᠨᠳᠦᠰᠦᠨ ᠱᠠᠲᠤᠨ ᠤ ᠵᠠᠰᠠᠯᠲᠠ ᠶᠢᠨ ᠵᠣᠷᠢᠯᠲᠠ ᠪᠠ ᠲᠤᠰᠤᠯᠳᠠ ᠪᠣᠯᠭᠠᠵᠤ᠂ ᠨᠡᠶᠢᠭᠡᠮ ᠲᠣᠭᠤᠷᠢᠭ ᠤᠨ ᠠᠵᠢᠯᠲᠠᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠠᠷᠠᠳ ᠲᠦᠮᠡᠨ ᠳᠤ ᠦᠢᠯᠡᠴᠢᠯᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠶᠢᠷ᠎ᠠ ᠰᠡᠳᠭᠢᠯᠭᠡ ᠶᠢᠨ ᠲᠠᠯ᠎ᠠ ᠪᠠᠷ ᠰᠠᠭᠤᠭᠠᠯᠢ ᠠᠷᠠᠳ ᠲᠠᠢ ᠣᠶᠢᠷᠠᠳᠴᠤ᠂ ᠠᠵᠢᠯᠯᠠᠭ᠎ᠠ ᠶᠢᠨ ᠲᠠᠯ᠎ᠠ ᠪᠠᠷ ᠰᠠᠭᠤᠭᠠᠯᠢ ᠠᠷᠠᠳ ᠲᠤ ᠦᠢᠯᠡᠴᠢᠯᠡᠵᠦ᠂ ᠨᠡᠶᠢᠭᠡᠮ ᠲᠣᠭᠤᠷᠢᠭ ᠤᠨ ᠵᠠᠯᠠᠭᠤ ᠠᠵᠢᠯᠲᠠᠳ ᠤᠨ ᠤᠯᠠᠨ ᠲᠦᠮᠡᠨᠴᠢ ᠦᠵᠡᠯᠲᠡ ᠪᠠ ᠤᠯᠠᠨ ᠲᠦᠮᠡᠨᠴᠢ ᠬᠠᠶᠢᠷ᠎ᠠ ᠰᠡᠳᠭᠢᠯᠭᠡ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠢᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠵᠥᠷᠢᠴᠡᠯ ᠵᠠᠭᠤᠷᠠᠯᠳᠤᠭᠠᠨ ᠢ ᠠᠷᠢᠯᠭᠠᠬᠤ ᠠᠵᠢᠯ ᠢ ᠰᠡᠳᠭᠢᠯ ᠲᠠᠯᠪᠢᠨ ᠰᠠᠶᠢᠲᠤᠷ ᠬᠢᠬᠦ ᠶᠢ ᠠᠬᠢᠭᠤᠯᠵᠤ᠂ ᠬᠥᠷᠰᠢ ᠵᠡᠷᠭᠡᠯᠡᠳᠡᠭᠡ ᠡᠶ᠎ᠡ ᠨᠠᠶᠢᠷᠠᠮᠳᠠᠭᠤ᠂ ᠨᠡᠶᠢᠭᠡᠮ ᠲᠣᠭᠤᠷᠢᠭ ᠡᠶ᠎ᠡ ᠵᠣᠬᠢᠴᠠᠩᠭᠤᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠰᠦᠯᠳᠡ ᠶᠢ ᠬᠥᠭᠵᠢᠭᠡᠵᠦ᠂ ︽ᠠᠵᠢᠯ ᠬᠢᠬᠦ ᠦᠭᠡᠢ︾ ᠦᠢᠯᠡ ᠠᠵᠢᠯᠯᠠᠭ᠎ᠠ ᠶᠢ ᠬᠦᠴᠦᠯᠡᠨ ᠴᠡᠭᠴᠡᠯᠡᠨ ᠵᠠᠰᠠᠵᠤ᠂ ᠰᠠᠭᠤᠭᠠᠯᠢ ᠠᠷᠠᠳ ᠣᠯᠠᠨ ᠲᠦᠮᠡᠨ ᠳᠤ ᠤᠴᠢᠷ ᠶᠠᠪᠤᠳᠠᠯ ᠬᠦᠢᠴᠡᠳᠬᠡᠵᠦ ᠦᠬᠬᠦ ᠳᠡᠭᠡᠨ ᠠᠯᠪᠠ ᠬᠠᠰᠢᠵᠤ᠂ ᠰᠢᠯᠲᠠᠭᠯᠠᠨ ᠲᠦᠯᠬᠢᠯᠴᠡᠬᠦ ᠶᠢ ᠰᠡᠷᠭᠡᠶᠢᠯᠡᠨ᠎ᠡ᠃    8. ᠪᠣᠯᠪᠠᠰᠤᠷᠠᠯ ᠬᠦᠷᠳᠡᠭᠡᠬᠦ ᠲᠣᠭᠲᠡᠴᠡ ᠶᠢ ᠪᠦᠷᠢᠨᠰᠢᠭᠦᠯᠦᠨ᠎ᠡ᠃ ᠪᠦᠬᠦ ᠤᠯᠤᠰ ᠤᠨ ᠨᠡᠶᠢᠭᠡᠮ ᠲᠣᠭᠤᠷᠢᠭ ᠤᠨ ᠠᠵᠢᠯᠲᠠᠨ ᠤ ᠬᠥᠮᠦᠵᠢᠯ ᠪᠣᠯᠪᠠᠰᠤᠷᠠᠯ ᠤᠨ ᠠᠵᠢᠯ ᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠮᠤᠵᠢ ᠶᠢᠨ ᠱᠠᠲᠤᠨ ᠠᠴᠠ ᠳᠡᠭᠡᠭᠰᠢᠬᠢ ᠵᠢᠱᠢᠶ᠎ᠡ ᠦᠵᠡᠭᠦᠯᠬᠦ ᠪᠣᠯᠪᠠᠰᠤᠷᠠᠯ᠂ ᠲᠤᠰᠬᠠᠶ ᠣᠷᠣᠨ ᠤ ᠬᠤᠲᠠ ᠶᠢᠨ ᠱᠠᠲᠤᠨ ᠤ ᠭᠤᠣᠯᠳᠠᠯᠭ᠎ᠠ ᠲᠠᠢ ᠪᠣᠯᠪᠠᠰᠤᠷᠠᠯ᠂ ᠰᠢᠶᠠᠨ ᠤ ᠱᠠᠲᠤᠨ ᠤ ᠭᠤᠣᠯᠯᠠᠬᠤ ᠬᠦᠴᠦᠨ ᠤ ᠪᠣᠯᠪᠠᠰᠤᠷᠠᠯ᠂ ᠵᠡᠭᠡᠯᠢ ᠭᠤᠳᠤᠮᠵᠢ ᠰᠢᠶᠠᠩ ᠪᠠᠯᠭᠠᠰᠤ ᠶᠢᠨ ᠪᠦᠬᠦ ᠠᠵᠢᠯᠲᠠᠨ ᠤ ᠪᠣᠯᠪᠠᠰᠤᠷᠠᠯ ᠤᠨ ᠱᠠᠲᠤ ᠬᠤᠪᠢᠶᠠᠨ ᠪᠣᠯᠪᠠᠰᠤᠷᠠᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠩᠬ᠎ᠠ ᠲᠤᠰᠢᠶᠠᠯ ᠬᠠᠷᠢᠭᠤᠴᠠᠬᠤ ᠪᠣᠯᠪᠠᠰᠤᠷᠠᠯ᠂ ᠠᠵᠢᠯ ᠤᠨ ᠪᠠᠶᠢᠷᠢ ᠶᠢᠨ ᠪᠣᠯᠪᠠᠰᠤᠷᠠᠯ᠂ ᠲᠤᠰᠬᠠᠶ ᠠᠵᠢᠯ ᠤᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ ᠵᠡᠷᠭᠡ ᠪᠠᠷ ᠪᠦᠷᠢᠯᠳᠦᠭᠰᠡᠨ ᠪᠣᠯᠪᠠᠰᠤᠷᠠᠯ ᠤᠨ ᠰᠢᠰᠲᠤᠮ ᠢ ᠪᠦᠷᠢᠨᠰᠢᠭᠦᠯᠦᠨ᠎ᠡ᠃ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠵᠢᠯ ᠪᠦᠷᠢ ᠨᠠᠭᠠᠳᠤ ᠵᠠᠬ᠎ᠠ ᠳᠠᠭᠠᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢ ᠨᠢᠭᠡ ᠤᠳᠠᠭ᠎ᠠ ᠪᠣᠯᠪᠠᠰᠤᠷᠠᠭᠤᠯᠵᠤ᠂ ᠨᠡᠶᠢᠭᠡᠮ ᠲᠣᠭᠤᠷᠢᠭ ᠤᠨ ᠪᠤᠰᠤᠳ ᠠᠵᠢᠯᠲᠠᠨ ᠢ 3 ᠵᠢᠯ ᠪᠦᠷᠢ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠭᠤᠯᠵᠤ᠂ ᠬᠥᠮᠦᠵᠢᠯ ᠪᠣᠯᠪᠠᠰᠤᠷᠠᠯ ᠤᠨ ᠪᠣᠳᠠᠲᠤ ᠦᠷ᠎ᠠ ᠪᠦᠲᠦᠮᠵᠢᠲᠦ ᠴᠢᠨᠠᠷ ᠢ ᠴᠢᠬᠤᠯᠠᠴᠢᠯᠠᠨ ᠴᠢᠩᠭᠠᠷᠠᠭᠤᠯᠵᠤ᠂ ᠪᠣᠯᠪᠠᠰᠤᠷᠠᠯ ᠤᠨ ᠬᠢᠴᠢᠶᠡᠯ ᠤᠨ ᠴᠠᠭ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠦᠨ᠂ ᠣᠯᠠᠨ ᠲᠦᠮᠡᠨ ᠲᠠᠢ ᠣᠶᠢᠷᠠᠳᠬᠤ ᠦᠭᠡᠶ᠂ ᠬᠠᠨᠳᠤᠯᠭᠠᠲᠤ ᠴᠢᠨᠠᠷ ᠢᠶᠠᠷ ᠳᠤᠲᠠᠮᠠᠭ ᠪᠣᠯᠬᠤ ᠠᠴᠠ ᠵᠠᠶᠢᠯᠠᠰᠭᠢᠨ᠎ᠡ᠃ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠳᠤ ᠲᠦᠰᠢᠭᠯᠡᠨ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠯ ᠤᠨ ᠰᠠᠭᠤᠷᠢᠨ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠯ ᠤᠨ ᠠᠵᠢᠯ ᠳᠤ ᠨᠡᠶᠢᠭᠡᠮ ᠤᠨ ᠬᠦᠴᠦᠨ ᠤ ᠣᠷᠣᠯᠴᠠᠬᠤ ᠶᠢ ᠵᠣᠷᠢᠭᠵᠢᠭᠤᠯᠤᠨ᠎ᠠ᠃ ᠰᠦᠯᠵᠢᠶᠡᠨ ᠤ ᠲᠠᠪᠴᠠᠩ ᠢ ᠠᠰᠢᠭᠯᠠᠨ ᠰᠦᠯᠵᠢᠶᠡᠨ ᠳᠡᠭᠡᠷᠡᠬᠢ ᠪᠣᠯᠪᠠᠰᠤᠷᠠᠯ ᠢ ᠥᠷᠨᠢᠭᠦᠯᠬᠦ ᠶᠢ ᠴᠢᠬᠤᠯᠠᠴᠢᠯᠠᠵᠤ᠂ ᠬᠤᠲᠠ ᠪᠠ ᠲᠤᠰᠬᠠᠶ ᠣᠷᠣᠨ ᠤ ᠲᠠᠰ ᠠᠴᠠ ᠳᠡᠭᠡᠭᠰᠢᠬᠢ ᠲᠠᠰ ᠳᠠᠪᠬᠤᠷᠭ᠎ᠠ ᠳᠤ ᠨᠡᠶᠢᠭᠡᠮ ᠲᠣᠭᠤᠷᠢᠭ ᠤᠨ ᠠᠵᠢᠯᠲᠠᠨ ᠤ ᠪᠣᠯᠪᠠᠰᠤᠷᠠᠯ ᠤᠨ ᠪᠠᠭᠰᠢ ᠶᠢᠨ ᠬᠥᠮᠥᠷᠭᠡ ᠪᠠ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠨᠡᠶᠢᠭᠡᠮ ᠤᠨ ᠠᠵᠢᠯ ᠤᠨ ᠬᠠᠮᠢᠶ᠎ᠠ ᠪᠦᠬᠦᠢ ᠬᠢᠴᠢᠶᠡᠯ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠬᠠᠮᠢᠶ᠎ᠠ ᠪᠦᠬᠦᠢ ᠬᠢᠴᠢᠶᠡᠯ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠵᠦ᠂ ᠨᠥᠬᠦᠴᠡᠯ ᠲᠠᠢ ᠨᠡᠶᠢᠭᠡᠮ ᠲᠣᠭᠤᠷᠢᠭ ᠲᠤ ᠳᠠᠳᠤᠯᠭ᠎ᠠ ᠦᠢᠯᠡᠳᠦᠯᠭᠡ ᠶᠢᠨ ᠰᠠᠭᠤᠷᠢᠨ ᠢ ᠪᠠᠶᠢᠭᠤᠯᠬᠤ ᠶᠢ ᠵᠣᠷᠢᠭᠵᠢᠭᠤᠯᠤᠨ᠂ ᠵᠢᠭᠠᠨ ᠰᠤᠷᠭᠠᠯᠲᠠ ᠶᠢᠨ ᠬᠦ᠋ᠮᠦᠵᠢᠯ ᠬᠢᠭᠡᠳ ᠦᠢᠯᠡᠳᠦᠯᠭᠡ ᠶᠢᠨ ᠬᠡᠷᠡᠭᠴᠡᠭᠡ ᠢᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃    ᠳᠥᠷᠪᠡ᠂ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ    9. ᠡᠩᠨᠡᠭᠡ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠲᠣᠣᠷᠵᠢᠭᠤᠯᠤᠬᠰᠠᠨ ᠦᠢᠯᠡᠴᠢᠯᠡᠭᠡᠨ ᠤ ᠬᠠᠮᠢᠶᠠᠷᠤᠯᠲᠠ᠂ ᠭᠡᠷ ᠲᠤᠨᠢ ᠬᠦᠷᠴᠦ ᠰᠤᠷᠪᠤᠯᠵᠢᠯᠠᠬᠤ᠂ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ᠂ ᠣᠷᠣᠯᠠᠨ ᠭᠦᠢᠴᠡᠳᠭᠡᠬᠦ ᠦᠢᠯᠡᠴᠢᠯᠡᠭᠡ᠂ ᠠᠰᠠᠭᠤᠨ ᠯᠠᠪᠯᠠᠭ᠎ᠠ ᠵᠠᠭᠠᠯᠳᠤᠯᠭ᠎ᠠ ᠶᠢ ᠠᠩᠬᠠᠨ ᠤ ᠬᠦᠯᠢᠶᠡᠵᠦ ᠠᠪᠤᠬᠰᠠᠨ ᠬᠦᠮᠦᠨ ᠬᠠᠷᠢᠭᠤᠴᠠᠬᠤ ᠵᠡᠷᠭᠡ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠳᠦᠷ ᠲᠤᠲᠤᠮ ᠤᠨ ᠠᠵᠢᠯ ᠳᠤ ᠭᠠᠷᠬᠤ ᠶᠢ ᠰᠢᠯᠭᠠᠬᠤ᠂ ᠴᠢᠯᠥᠭᠡ ᠭᠤᠶᠤᠬᠤ᠂ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠤᠷᠢᠬᠤ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯ ᠤᠨ ᠠᠵᠢᠯᠳᠠᠨ ᠢ ᠲᠤᠷᠰᠢᠨ ᠬᠡᠷᠡᠭᠯᠡᠬᠦ ᠬᠤᠭᠤᠴᠠᠭ᠎ᠠ ᠳ᠋ᠤ᠋ ᠰᠢᠯᠢᠨ ᠰᠣᠩᠭᠤᠬᠤ ᠲᠣᠭᠲᠡᠴᠡ ᠶᠢ ᠪᠥᠷᠢᠨᠰᠢᠬᠦᠯᠵᠤ᠂ ᠨᠡᠶᠢᠭᠡᠮ ᠲᠣᠭᠤᠷᠢᠭ ᠤᠨ ᠠᠵᠢᠯᠳᠠᠨ ᠢ ᠤᠭᠴᠤᠷᠠᠭᠤᠯᠬᠤ᠂ ᠤᠷᠢᠬᠤ ᠪᠠᠨ ᠪᠤᠯᠢᠬᠤ ᠵᠡᠷᠭᠡ ᠤᠬᠤᠷᠢᠨ ᠭᠠᠷᠭᠠᠬᠤ ᠲᠣᠭᠲᠡᠴᠡ ᠶᠢ ᠲᠡᠭᠦᠯᠳᠡᠷᠵᠢᠭᠦᠯᠦᠨ᠂ ᠣᠷᠣᠭᠤᠯᠵᠤ ᠪᠣᠯᠬᠤ ᠮᠥᠷᠲᠡᠭᠡᠨ ᠭᠠᠷᠭᠠᠵᠤ ᠪᠣᠯᠬᠤ᠂ ᠰᠢᠯᠢᠳᠡᠭ ᠢ ᠨᠢ ᠣᠷᠣᠭᠤᠯᠵᠤ ᠰᠢᠭᠠᠷᠤ ᠶᠢ ᠨᠢ ᠭᠠᠷᠭᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠳᠠᠩᠰᠠᠯᠠᠭᠤᠯᠤᠨ ᠬᠠᠮᠢᠶᠠᠷᠬᠤ ᠶᠢ ᠬᠡᠷᠡᠭᠵᠢᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃    10. ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠡᠴᠡ ᠶᠢ ᠪᠦᠷᠢᠨᠰᠢᠭᠦᠯᠦᠨ᠎ᠡ᠃ ᠰᠢᠶᠠᠨ ᠤ ᠱᠠᠲᠤᠨ ᠠᠴᠠ ᠨᠡᠶᠢᠭᠡᠮ ᠲᠣᠭᠤᠷᠢᠭ ᠤᠨ ᠠᠵᠢᠯᠲᠠᠨ ᠤ ᠣᠨ ᠤ ᠬᠢᠨᠠᠨ ᠰᠢᠯᠭᠠᠬᠤ ᠵᠢᠯᠣᠭᠤᠳᠬᠤ ᠲᠥᠰᠦᠯ ᠢ ᠲᠣᠭᠲᠠᠭᠠᠵᠤ᠂ ᠬᠢᠨᠠᠨ ᠰᠢᠯᠭᠠᠬᠤ ᠠᠭᠤᠯᠭ᠎ᠠ ᠶᠢ ᠤᠯᠤᠰ ᠲᠥᠷᠥ ᠶᠢᠨ ᠬᠡᠪ ᠪᠤᠯᠪᠠᠰᠤᠷᠠᠯ᠂ ᠠᠵᠢᠯ ᠤᠨ ᠪᠣᠳᠠᠲᠤ ᠠᠮᠵᠢᠯᠲᠠ ᠪᠣᠯᠤᠨ ᠰᠠᠭᠤᠭᠠᠯᠢ ᠠᠷᠠᠳ ᠤᠨ ᠰᠡᠳᠭᠢᠯ ᠬᠠᠨᠤᠮᠵᠢᠲᠠᠶ ᠪᠠᠶᠢᠬᠤ ᠬᠡᠮᠵᠢᠶ᠎ᠡ ᠪᠠᠷ ᠭᠤᠣᠯᠳᠠᠯᠭ᠎ᠠ ᠪᠣᠯᠭᠠᠨ᠎ᠠ᠃ ᠬᠢᠨᠠᠨ ᠰᠢᠯᠭᠠᠭᠰᠠᠨ ᠦᠷ᠎ᠡ ᠳ᠋ᠦᠩ ᠢ ᠬᠡᠷᠡᠭᠯᠡᠬᠦ ᠶᠢ ᠴᠢᠩᠭᠠᠷᠠᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠳᠡᠰ ᠢ ᠲᠣᠬᠢᠷᠠᠭᠤᠯᠬᠤ᠂ ᠦᠷᠭᠦᠯᠵᠢᠯᠡᠨ ᠤᠷᠢᠬᠤ ᠶᠢ ᠵᠣᠭᠰᠣᠭᠠᠬᠤ᠂ ᠱᠠᠩᠨᠠᠵᠤ ᠵᠠᠯᠬᠠᠭᠠᠨ ᠴᠡᠭᠡᠷᠯᠡᠭᠦᠯᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠱᠠᠩᠨᠠᠨ ᠬᠥᠬᠢᠭᠦᠯᠬᠦ  ᠪᠠ ᠵᠠᠯᠬᠠᠭᠠᠨ ᠴᠡᠭᠡᠷᠯᠡᠭᠦᠯᠬᠦ ᠲᠣᠭᠲᠡᠴᠡ ᠶᠢ ᠪᠠᠶᠢᠭᠤᠯᠤᠨ ᠪᠦᠷᠢᠨᠰᠢᠭᠦᠯᠵᠦ᠂ ᠠᠯᠳᠠᠭ᠎ᠠ ᠪᠤᠷᠤᠭᠤ  ᠶᠢ ᠠᠭᠤᠴᠢᠯᠠᠨ ᠪᠠᠭᠲᠠᠭᠠᠬᠤ ᠪᠠ ᠵᠠᠯᠠᠷᠠᠭᠤᠯᠬᠤ ᠠᠵᠢᠯ  ᠢ ᠰᠠᠶᠢᠲᠤᠷ ᠬᠢᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ  ᠶᠢ ᠵᠣᠷᠢᠭᠵᠢᠭᠤᠯᠤᠨ᠂ ᠠᠵᠢᠯ ᠶᠠᠪᠤᠳᠠᠯ ᠬᠢᠬᠦ  ᠶᠢ ᠪᠤᠳᠤᠬᠤ᠂ ᠠᠵᠢᠯ ᠶᠠᠪᠤᠳᠠᠯ ᠬᠢᠵᠦ ᠳᠡᠶᠢᠯᠬᠦ᠂ ᠠᠵᠢᠯ ᠶᠠᠪᠤᠳᠠᠯ ᠪᠦᠲᠦᠭᠡᠵᠦ ᠳᠡᠶᠢᠯᠬᠦ ᠨᠡᠶᠢᠭᠡᠮ ᠲᠣᠭᠤᠷᠢᠭ  ᠤᠨ ᠠᠵᠢᠯᠲᠠᠨ  ᠳᠤ ᠠᠵᠠ ᠲᠣᠬᠢᠶᠠᠯ  ᠪᠠ ᠲᠠᠪᠴᠠᠩ ᠣᠯᠭᠤᠨ᠎ᠠ᠃    11. ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠨ᠎ᠠ᠃ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠳᠠᠨ ᠤ ᠰᠡᠳᠭᠢᠯ ᠤᠨ ᠦᠭᠡ ᠪᠠᠨ ᠬᠡᠯᠡᠯᠴᠡᠨ ᠶᠠᠷᠢᠯᠴᠠᠬᠤ ᠲᠣᠭᠲᠡᠴᠡ ᠶᠢ ᠲᠡᠭᠦᠯᠳᠡᠷᠵᠢᠭᠦᠯᠦᠨ᠂ ᠡᠷᠲᠡ ᠠᠴᠠ ᠠᠳᠬᠤᠵᠤ ᠪᠠᠭ᠎ᠠ ᠳᠤᠨᠢ ᠠᠳᠬᠤᠬᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠠᠰᠢᠭ ᠲᠤᠰᠠ ᠶᠢ ᠬᠤᠬᠢᠷᠠᠭᠤᠯᠤᠭᠰᠠᠨ ᠢᠯᠵᠠᠷᠠᠮᠠᠯ ᠠᠵᠢᠯᠯᠠᠭ᠎ᠠ ᠶᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠢᠯᠡ ᠪᠣᠯᠭᠠᠬᠤ ᠪᠠ ᠦᠢᠯᠡᠴᠢᠯᠡᠭᠡᠨ ᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠨᠠᠮ ᠤᠨ ᠶᠠᠪᠤᠳᠠᠯ᠂ ᠰᠠᠭᠤᠭᠠᠯᠢ ᠠᠷᠠᠳ ᠤᠨ ᠶᠠᠪᠤᠳᠠᠯ᠂ ᠡᠳ᠋ ᠤᠨ ᠶᠠᠪᠤᠳᠠᠯ ᠢ ᠢᠯᠡ ᠪᠣᠯᠭᠠᠬᠤ ᠳᠦᠷᠢᠮ ᠢ ᠨᠠᠶᠢᠳᠠᠪᠤᠷᠢᠵᠢᠭᠤᠯᠬᠤ᠂ ᠰᠠᠭᠤᠭᠠᠯᠢ ᠠᠷᠠᠳ ᠤᠨ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠦᠢᠯᠡᠳᠦᠯ ᠢ ᠪᠠᠳᠠᠷᠠᠭᠤᠯᠵᠤ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢ ᠰᠦᠪᠡᠭᠴᠢᠯᠡᠨ ᠥᠷᠨᠢᠭᠦᠯᠦᠨ᠎ᠡ᠃    ᠲᠠᠪᠤ᠂ ᠤᠷᠮᠠᠰᠢᠭᠤᠯᠬᠤ ᠪᠠᠲᠤᠯᠠᠭ᠎ᠠ ᠶᠢ ᠴᠢᠩᠭᠠᠳᠬᠠᠨ᠎ᠠ   12. ᠴᠠᠯᠢᠩ ᠣᠯᠭᠤᠮᠵᠢ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠲᠤᠰᠬᠠᠶ ᠣᠷᠣᠨ ᠤ ᠲᠠᠰ ᠤᠨ ᠬᠤᠲᠠ ᠪᠤᠶᠤ ᠰᠢᠶᠠᠨ ᠤ ᠱᠠᠲᠤᠨ ᠤ ᠲᠠᠰ ᠳᠠᠪᠬᠤᠷᠭ᠎ᠠ ᠠᠴᠠ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠪᠠ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ᠂ ᠲᠤᠬᠠᠶ ᠶᠢᠨ ᠭᠠᠵᠠᠷ ᠤᠨ ᠪᠥᠬᠦ ᠰᠢᠰᠲ᠋ᠧᠮ ᠤᠨ ᠬᠤᠲᠠ ᠪᠠᠯᠭᠠᠰᠤᠨ ᠤ ᠨᠢᠭᠡᠴᠢ ᠶᠢᠨ ᠠᠵᠢᠯ ᠣᠯᠤᠭᠰᠠᠳ ᠤᠨ ᠳᠤᠮᠳᠠᠴᠢ ᠴᠠᠯᠢᠩ ᠤᠨ ᠲᠦᠪᠰᠢᠨ ᠢᠶᠠᠷ ᠯᠠᠪᠯᠠᠯᠲᠠ ᠪᠣᠯᠭᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠣᠯᠭᠤᠮᠵᠢ ᠶᠢᠨ ᠪᠦᠷᠢᠯᠳᠦᠯ ᠪᠠ ᠠᠵᠢᠯ ᠤᠨ ᠪᠠᠶᠢᠷᠢ ᠶᠢᠨ ᠳᠡᠰ ᠤᠨ ᠴᠠᠯᠢᠩ ᠣᠯᠭᠤᠮᠵᠢ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠤᠭᠲᠠᠮᠠᠯ ᠬᠤᠭᠤᠴᠠᠭ᠎ᠠ ᠲᠠᠢ ᠪᠠᠷ ᠬᠦ᠋ᠳᠡᠯᠦᠩᠭᠦᠢ ᠲᠤᠬᠢᠷᠠᠭᠤᠯᠤᠨ᠎ᠠ᠃ ᠠᠯᠪᠠᠲᠠᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠢᠷᠢ ᠬᠡᠮ ᠲᠠᠢ ᠪᠠᠶᠢᠬᠤ ᠶᠢ ᠭᠠᠷᠭᠠᠪᠠᠯ᠂ ᠵᠠᠷᠴᠢᠮ ᠳᠡᠭᠡᠷ᠎ᠡ ᠪᠠᠨ ᠵᠡᠭᠡᠯᠢ ᠭᠤᠳᠤᠮᠵᠢ ︵ᠰᠢᠶᠠᠩ ᠪᠠᠯᠭᠠᠰᠤ︶ ᠬᠢᠭᠡᠳ ᠨᠡᠶᠢᠭᠡᠮ ᠲᠣᠭᠤᠷᠢᠭ ᠤᠨ ᠠᠵᠢᠯᠲᠠᠨ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠵᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠣᠷᠣᠯᠴᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠤᠨ᠎ᠠ᠃ ᠴᠢᠬᠤᠯᠠ ᠶᠡᠭᠡ ᠡᠭᠦᠷᠭᠡ ᠶᠢ ᠪᠡᠶᠡᠯᠡᠭᠦᠯᠬᠦ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ᠂ ᠭᠡᠨᠡᠳᠲᠡ ᠶᠢᠨ ᠬᠡᠷᠡᠭ ᠢ ᠠᠷᠭᠠᠴᠡᠭᠠᠬᠤ ᠳᠤ ᠣᠷᠣᠯᠴᠠᠭᠰᠠᠨ ᠡᠮᠦᠨ᠎ᠡ ᠹᠷᠣᠨᠲ ᠤᠨ ᠨᠡᠶᠢᠭᠡᠮ ᠲᠣᠭᠤᠷᠢᠭ ᠤᠨ ᠠᠵᠢᠯᠲᠠᠳ ᠲᠤ ᠲᠣᠭᠲᠠᠭᠠᠯ ᠶᠣᠰᠣᠭᠠᠷ ᠵᠣᠬᠢᠬᠤ ᠬᠡᠮᠵᠢᠶᠡᠨ ᠤ ᠠᠵᠢᠯ ᠤᠨ ᠨᠥᠬᠦᠪᠥᠷᠢ ᠣᠯᠭᠤᠵᠤ ᠪᠣᠯᠤᠨ᠎ᠠ᠃   13. ᠤᠷᠮᠠᠰᠢᠭᠤᠯᠤᠨ ᠬᠥᠭᠵᠢᠬᠦᠯᠬᠦ ᠲᠣᠭᠲᠡᠴᠡ ᠶᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠤᠨ ᠳᠣᠲᠣᠷ᠎ᠠ ᠠᠴᠠ ᠨᠠᠮ ᠤᠨ ᠭᠡᠰᠢᠭᠦᠨ ᠢ ᠡᠯᠰᠡᠬᠦ᠂ ᠴᠢᠳᠠᠪᠤᠷᠢᠲᠠᠨ ᠢ ᠰᠢᠯᠢᠨ ᠰᠣᠩᠭᠤᠬᠤ ᠶᠢ ᠴᠢᠬᠤᠯᠠᠴᠢᠯᠠᠨ᠎ᠠ᠃ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ ᠤ ᠳᠣᠲᠣᠷ᠎ᠠ ᠠᠴᠠ ᠠᠯᠪᠠᠲᠠᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠡᠯᠰᠡᠬᠦ ︵ᠤᠷᠢᠬᠤ︶ ᠡᠷᠴᠢᠮ ᠢᠶᠠᠨ ᠴᠢᠩᠭᠠᠷᠠᠭᠤᠯᠤᠨ᠎ᠠ᠃ ᠵᠢᠯ ᠪᠦᠷᠢ ᠵᠣᠬᠢᠬᠤ ᠲᠣᠭᠠᠨ ᠤ ᠠᠵᠢᠯ ᠤᠨ ᠪᠠᠶᠢᠷᠢ ᠭᠠᠷᠭᠠᠵᠤ᠂ ᠨᠡᠶᠢᠭᠡᠮ ᠲᠣᠭᠤᠷᠢᠭ ᠲᠤ ᠵᠠᠯᠭᠠᠭ᠎ᠠ ᠪᠠᠷ 10 ᠵᠢᠯ ᠠᠴᠠ ᠳᠡᠭᠡᠭᠰᠢ ᠠᠵᠢᠯᠯᠠᠭᠰᠠᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ ᠡᠭᠦᠷᠭᠡᠯᠡᠭᠡᠳ ᠪᠦᠬᠦᠯᠢ ᠨᠢᠭᠡ ᠬᠤᠭᠤᠴᠠᠭ᠎ᠠ ᠪᠣᠯᠤᠭᠰᠠᠨ᠂ ᠢᠯᠡᠷᠡᠯ ᠨᠢ ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠲᠣᠭᠲᠠᠭᠠᠯ ᠶᠣᠰᠣᠭᠠᠷ ᠰᠢᠯᠢᠳᠡᠭ ᠢ ᠨᠢ ᠰᠣᠩᠭᠤᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠤᠷᠢᠨ ᠬᠡᠷᠡᠭᠯᠡᠵᠦ ᠪᠣᠯᠤᠨ᠎ᠠ᠂ ᠡᠭᠦᠨ ᠳᠤ ᠣᠨᠴᠠ ᠰᠢᠯᠢᠳᠡᠭ ᠢ ᠨᠢ ᠰᠢᠯᠢᠳᠡᠭ ᠢ ᠨᠢ ᠰᠣᠩᠭᠤᠨ ᠲᠣᠮᠢᠯᠠᠬᠤ᠂ ᠬᠤᠭᠤᠴᠠᠭ᠎ᠠ ᠰᠣᠯᠢᠬᠤ ᠰᠣᠩᠭᠤᠭᠤᠯᠢ ᠵᠡᠷᠭᠡ ᠪᠠᠷ ᠳᠠᠮᠵᠢᠭᠤᠯᠤᠨ ᠵᠡᠭᠡᠯᠢ ᠭᠤᠳᠤᠮᠵᠢ ︵ᠰᠢᠶᠠᠩ ᠪᠠᠯᠭᠠᠰᠤ︶ ᠶᠢᠨ ᠤᠳᠤᠷᠢᠳᠬᠤ ᠪᠠᠭ ᠲᠤ ᠰᠣᠩᠭᠤᠨ ᠣᠷᠣᠭᠤᠯᠵᠤ ᠪᠣᠯᠤᠨ᠎ᠠ᠃ ᠲᠣᠭᠲᠠᠭᠠᠯ ᠶᠣᠰᠣᠭᠠᠷ ᠨᠥᠬᠦᠴᠡᠯ ᠳᠤ ᠨᠡᠶᠢᠴᠡᠬᠦ ᠨᠡᠶᠢᠭᠡᠮ ᠲᠣᠭᠤᠷᠢᠭ ᠤᠨ ᠰᠢᠯᠢᠳᠡᠭ ᠠᠵᠢᠯᠳᠠᠨ ᠢ ᠡᠯ᠎ᠡ ᠱᠠᠲᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠵᠢᠱᠢᠭᠳᠡᠭᠴᠢ ᠪᠠᠷ ᠲᠠᠨᠢᠯᠴᠠᠭᠤᠯᠤᠨ᠎ᠠ᠃ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠡᠶᠢᠭᠡᠮ ᠲᠣᠭᠤᠷᠢᠭ ᠤᠨ ᠠᠵᠢᠯᠳᠠᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠵᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯ ᠤᠨ ᠠᠵᠢᠯᠳᠠᠨ᠂ ᠬᠥᠳᠡᠯᠮᠦᠷᠢ ᠶᠢᠨ ᠵᠢᠱᠢᠶᠡᠴᠢ᠂ ᠵᠠᠯᠠᠭᠤᠴᠤᠳ ᠤᠨ ︽5 · 4︾ ᠤ ᠱᠠᠩᠨᠠᠯ ᠤᠨ ᠳᠡᠮᠳᠡᠭ᠂ ︽3 · 8︾ ᠤ ᠤᠯᠠᠭᠠᠨ ᠲᠤᠭᠴᠢ ᠵᠡᠷᠭᠡ ᠶᠢ ᠰᠢᠯᠭᠠᠷᠠᠭᠤᠯᠬᠤ ᠳᠤ ᠣᠷᠣᠯᠴᠠᠭᠤᠯᠤᠨ᠎ᠠ᠃ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠳ ᠤᠨ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠳᠤ ᠣᠴᠢᠵᠤ ᠣᠨᠴᠠ ᠤᠷᠢᠭᠰᠠᠨ ᠵᠢᠯᠤᠭᠤᠳᠤᠭᠴᠢ ᠪᠠᠭᠰᠢ ᠪᠣᠯᠬᠤ ᠶᠢ ᠵᠣᠷᠢᠭᠵᠢᠭᠤᠯᠤᠨ ᠲᠡᠮᠵᠢᠨ᠎ᠠ᠃    14. ᠬᠠᠯᠠᠮᠵᠢᠯᠠᠨ ᠬᠠᠶᠢᠷᠠᠯᠠᠬᠤ ᠠᠭᠤᠷ ᠠᠮᠢᠰᠬᠤᠯ ᠢ ᠪᠣᠶ ᠪᠣᠯᠭᠠᠨ᠎ᠠ᠃ ᠨᠡᠶᠢᠭᠡᠮ ᠲᠣᠭᠤᠷᠢᠭ ᠤᠨ ᠠᠵᠢᠯᠳᠠᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠭᠡ ᠪᠠᠷ ᠤᠬᠠᠭᠤᠯᠵᠤ᠂ ᠨᠡᠶᠢᠭᠡᠮ ᠲᠣᠭᠤᠷᠢᠭ ᠤᠨ ᠠᠵᠢᠯᠳᠠᠨ ᠢ ᠪᠦᠬᠦ ᠨᠡᠶᠢᠭᠡᠮ ᠢᠶᠠᠷ ᠢᠶᠠᠨ ᠴᠢᠬᠤᠯᠠᠴᠢᠯᠠᠬᠤ᠂ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠠᠵᠢᠯᠳᠠᠨ ᠤ ᠡᠷᠬᠢᠯᠡᠭᠰᠡᠨ ᠠᠵᠢᠯ ᠢᠶᠠᠨ ᠮᠡᠳᠡᠷᠡᠬᠦ ᠰᠡᠳᠭᠢᠯᠭᠡ᠂ ᠬᠠᠷᠢᠶᠠᠯᠠᠭᠳᠠᠬᠤ ᠰᠡᠳᠭᠢᠯᠭᠡ᠂ ᠢᠷᠠᠭᠤ ᠠᠯᠳᠠᠷ ᠤᠨ ᠰᠡᠳᠭᠢᠯᠭᠡ ᠶᠢ ᠨᠡᠮᠡᠭᠳᠡᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠳ ᠤᠨ ᠪᠡᠶ᠎ᠡ ᠰᠡᠳᠭᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠳᠠᠷᠤᠭᠠᠰᠤ ᠶᠢ ᠪᠠᠭᠠᠰᠬᠠᠨ ᠨᠠᠮᠳᠠᠭᠤᠯᠤᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠲᠤᠰᠢᠶᠠᠯ ᠬᠠᠪᠰᠤᠷᠭᠠᠭᠰᠠᠨ ᠪᠦᠷᠢᠯᠳᠦᠬᠦᠨ ᠢ ᠬᠠᠯᠠᠮᠵᠢᠯᠠᠨ ᠬᠠᠶᠢᠷᠠᠯᠠᠵᠤ ᠤᠷᠮᠠᠰᠢᠭᠤᠯᠬᠤ ᠶᠢ ᠴᠢᠬᠤᠯᠠᠴᠢᠯᠠᠨ᠎ᠠ᠃ ᠴᠢᠬᠤᠯᠠ ᠶᠡᠭᠡ ᠪᠠᠶᠠᠷ ᠤᠨ ᠡᠳᠦᠷ ᠡᠮᠦᠨ᠎ᠡ ᠹᠷᠣᠨᠲ ᠤᠨ ᠨᠡᠶᠢᠭᠡᠮ ᠲᠣᠭᠤᠷᠢᠭ ᠤᠨ ᠠᠵᠢᠯᠲᠠᠳ ᠢ ᠲᠣᠬᠤᠨᠢᠭᠤᠯᠬᠤ ᠪᠠ ᠠᠵᠢᠯ ᠠᠴᠠ ᠪᠠᠨ ᠠᠮᠠᠷᠠᠭᠰᠠᠨ ᠨᠡᠶᠢᠭᠡᠮ ᠲᠣᠭᠤᠷᠢᠭ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠳ ᠤᠨ ᠲᠤᠰᠬᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠵᠦ᠂ ᠰᠠᠶᠢᠨ ᠰᠠᠶᠢᠬᠠᠨ ᠠᠵᠢᠯᠯᠠᠬᠤ ᠨᠥᠬᠦᠴᠡᠯ ᠪᠣᠯᠤᠨ ᠠᠵᠢᠯ ᠬᠢᠬᠦ ᠠᠭᠤᠷ ᠠᠮᠢᠰᠬᠤᠯ ᠢ ᠪᠤᠢ ᠪᠣᠯᠭᠠᠨ᠎ᠠ᠃    ᠵᠢᠷᠭᠤᠭ᠎ᠠ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ   15. ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡᠨ ᠤ ᠪᠠᠶᠢᠭᠤᠯᠤᠯᠲᠠ ᠶᠢ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠪᠠᠶᠢᠷᠢᠯᠠᠭᠤᠯᠤᠯᠲᠠ ᠳᠤ ᠣᠷᠣᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠨᠢ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠤᠭᠰᠠᠨ᠂ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠨ ᠵᠢᠯᠣᠭᠤᠳᠤᠨ ᠠᠬᠢᠭᠤᠯᠤᠭᠰᠠᠨ᠂ ᠤᠯᠤᠰ ᠲᠦᠷᠦ ᠬᠠᠤᠯᠢ ᠴᠠᠭᠠᠵᠠ᠂ ᠪᠠᠶᠢᠭᠤᠯᠤᠮᠵᠢ ᠣᠷᠣᠨ ᠲᠤᠭ᠎ᠠ᠂ ᠰᠤᠷᠭᠠᠨ ᠬᠥᠮᠦᠵᠢᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤ ᠪᠠᠷ ᠠᠬᠢᠭᠤᠯᠤᠭᠰᠠᠨ ᠠᠵᠢᠯ ᠤᠨ ᠪᠠᠶᠢᠷᠢᠰᠢᠯ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠲᠦᠷᠢᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠮᠤᠵᠢ ᠶᠢᠨ ᠱᠠᠲᠤᠨ ᠤ ᠳᠠᠪᠬᠤᠷᠭ᠎ᠠ ᠠᠴᠠ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠲᠤᠰᠬᠠᠢ ᠣᠷᠣᠨ ᠤ ᠲᠡᠰ ᠤᠨ ᠬᠤᠳᠠ ᠶᠢᠨ ᠱᠠᠳᠤ ᠪᠠ ᠰᠢᠶᠠᠨ ᠤ ᠱᠠᠲᠤᠨ ᠤ ᠱᠠᠳᠤ ᠳᠠᠪᠬᠤᠷᠭ᠎ᠠ ᠠᠴᠠ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠵᠤ᠂ ᠨᠡᠶᠢᠭᠡᠮ ᠲᠣᠭᠤᠷᠢᠭ ᠤᠨ ᠠᠵᠢᠯᠳᠠᠨ ᠢ ᠰᠢᠯᠢᠳᠡᠭ ᠢ ᠰᠣᠩᠭᠤᠬᠤ᠂ ᠦᠯᠡᠳᠡᠭᠡᠵᠦ ᠳᠡᠶᠢᠯᠬᠦ᠂ ᠰᠠᠶᠢᠨ ᠠᠵᠢᠯᠯᠠᠬᠤ ᠶᠢ ᠠᠬᠢᠭᠤᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠦᠨᠳᠦᠰᠦᠨ ᠱᠠᠲᠤᠨ ᠤ ᠵᠠᠰᠠᠯᠲᠠ ᠪᠠ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶ᠎ᠠ ᠪᠥᠬᠦᠶ ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠣᠨ ᠤ ᠲᠦᠰᠦᠪ ᠲᠤ ᠬᠠᠦᠯᠢ ᠶᠤᠰᠤᠭᠠᠷ ᠵᠢᠭᠰᠠᠭᠠᠨ ᠤᠷᠤᠭᠤᠯᠤᠨ᠎ᠠ᠃   16. ᠦᠨᠡᠯᠡᠵᠦ ᠵᠢᠯᠣᠭᠤᠳᠬᠤ ᠶᠢ ᠥᠷᠨᠢᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡᠨ ᠤ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠠᠬᠢᠴᠠ ᠶᠢᠨ ᠪᠠᠶᠢᠳᠠᠯ ᠢ ᠦᠨᠡᠯᠡᠬᠦ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠠᠵᠢᠯᠳᠠᠨ ᠤ ᠲᠤᠭ᠎ᠠ ᠪᠦᠷᠢᠳᠭᠡᠯ ᠤᠨ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠬᠠᠮᠢᠶ᠎ᠠ ᠪᠥᠬᠦᠢ ᠳ᠋ᠠᠶᠢᠲ᠋ᠠ ᠶᠢᠨ ᠬᠥᠮᠥᠷᠭᠡ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡᠨ ᠤ ᠪᠠᠶᠢᠳᠠᠯ ᠢ ᠬᠥᠳᠡᠯᠦᠩᠭᠦᠶ ᠪᠠᠷ ᠡᠵᠡᠮᠰᠢᠨ᠎ᠡ᠃ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠨᠡᠶᠢᠭᠡᠮ ᠲᠣᠭᠤᠷᠢᠭ ᠤᠨ ᠠᠵᠢᠯᠳᠠᠨ ᠤ ᠴᠢᠳᠠᠪᠤᠷᠢ ᠶᠢᠨ ᠪᠠᠶᠢᠭᠤᠯᠤᠯᠲᠠ ᠳᠤ ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠠᠵᠢᠯᠳᠠᠨ ᠤ ᠠᠵᠢᠯ ᠤᠨ ᠪᠠᠷᠢᠮᠵᠢᠶ᠎ᠠ ᠶᠢ ᠨᠡᠭᠡᠭᠡᠨ ᠬᠥᠭᠵᠢᠭᠦᠯᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠡ᠃   17. ᠳᠠᠷᠤᠭᠠᠰᠤ ᠶᠢ ᠬᠥᠩᠭᠡᠷᠡᠬᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶᠢᠷᠡᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠭᠡᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠨᠡᠩ ᠤᠯᠠᠨ ᠴᠠᠭ᠂ ᠤᠶᠤᠨ ᠴᠢᠳᠠᠯ ᠢ ᠵᠠᠷᠤᠴᠠᠭᠤᠯᠤᠨ ᠰᠠᠭᠤᠭᠠᠯᠢ ᠠᠷᠠᠳ ᠤᠨ ᠤᠯᠠᠨ ᠲᠦᠮᠡᠨ ᠳᠤ ᠦᠢᠯᠡᠴᠢᠯᠡᠭᠦᠯᠦᠨ᠎ᠡ᠃ ᠨᠡᠶᠢᠭᠡᠮ ᠲᠣᠭᠤᠷᠢᠭ ᠤᠨ ᠠᠵᠢᠯ ᠤᠨ ᠵᠦᠢᠯᠡᠰ ᠤᠨ ᠣᠷᠣᠭᠤᠯᠬᠤ ᠶᠢ ᠵᠥᠪᠰᠢᠶᠡᠷᠡᠬᠦ ᠲᠣᠭᠲᠡᠴᠡ ᠪᠣᠯᠤᠨ ᠬᠥᠳᠡᠯᠦᠩᠭᠦᠶ ᠲᠤᠬᠢᠷᠠᠭᠤᠯᠤᠯᠳᠠ ᠬᠢᠬᠦ ᠲᠣᠭᠲᠡᠴᠡ ᠶᠢ ᠪᠠᠶᠢᠭᠤᠯᠤᠨ ᠪᠥᠷᠢᠨᠰᠢᠬᠦᠯᠵᠤ᠂ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠬᠰᠠᠨ ᠠᠵᠢᠯ ᠤᠨ ᠬᠡᠷᠡᠭ ᠶᠠᠪᠤᠳᠠᠯ᠂ ᠲᠣᠭᠲᠡᠴᠡ ᠶᠢᠨ ᠫᠠᠶᠢᠰᠠ ᠪᠣᠯᠤᠨ ᠭᠡᠷᠡᠴᠢᠯᠡᠬᠦ ᠵᠦᠢᠯᠡᠰ ᠢ ᠵᠢᠷᠤᠮᠵᠢᠭᠤᠯᠤᠨ᠎ᠠ᠃ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠨᠤᠷᠠᠭᠠᠵᠤ ᠨᠡᠭᠦᠯᠭᠡᠬᠦ ᠪᠠ ᠲᠦᠷᠢᠮ ᠲᠤᠬᠳᠠᠭᠠᠯ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠳᠠ ᠶᠢᠨ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠵᠦᠢᠯᠡᠰ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠭᠠᠵᠤ ᠪᠣᠯᠬᠤ ᠥᠭᠡᠢ᠂ ᠠᠵᠢᠯ ᠤᠨ ᠳᠤᠮᠳᠠ ᠪᠠᠨ ᠨᠡᠶᠢᠭᠡᠮ ᠲᠣᠭᠤᠷᠢᠭ ᠢᠶᠠᠷ ᠬᠠᠪᠰᠤᠷᠤᠭᠤᠯᠬᠤ ᠴᠢᠬᠤᠯᠠᠲᠠᠶ ᠪᠣᠯ ᠨᠡᠶᠢᠭᠡᠮ ᠲᠣᠭᠤᠷᠢᠭ ᠤᠨ ᠠᠵᠢᠯᠲᠠᠳ ᠢᠳᠡᠪᠬᠢᠲᠡᠶ ᠪᠠᠷ ᠬᠠᠮᠵᠢᠯᠴᠠᠪᠠᠯ ᠵᠤᠬᠢᠨ᠎ᠠ᠃ ᠤᠶᠤᠨᠲᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠪᠠ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠳ᠋ᠠᠶᠢᠲ᠋ᠠ ᠶᠢᠨ ᠮᠡᠳᠡᠭᠡ ᠵᠠᠩᠭᠢ ᠶᠢ ᠨᠢᠭᠡ ᠯᠡ ᠤᠳᠠᠭ᠎ᠠ ᠳᠤ ᠴᠤᠭᠯᠠᠭᠤᠯᠬᠤ᠂ ᠣᠯᠠᠨ ᠲᠠᠯ᠎ᠠ ᠪᠠᠷ ᠠᠰᠢᠭᠯᠠᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠤᠭ᠍ᠷᠠᠮ᠂ ᠵᠠᠰᠠᠭ ᠤᠨ ᠶᠠᠪᠤᠳᠠᠯ ᠤᠨ ᠨᠡᠶᠢᠲᠡ ᠶᠢᠨ ᠲᠠᠩᠰᠠᠨ ᠳ᠋ᠤᠭᠠᠷ᠂ ᠠᠵᠢᠯ ᠤᠨ ᠬᠤᠯᠪᠤᠭ᠎ᠠ ᠪᠦᠯᠬᠦᠮ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ︽ᠬᠤᠷᠤᠭᠤᠨ ᠦᠵᠦᠭᠦᠷ ᠲᠠᠬᠢ ᠬᠡᠯᠪᠡᠷᠢᠴᠢ ‍ᠦᠵᠡᠯ︾ ᠢ ᠵᠠᠯᠠᠷᠠᠭᠤᠯᠤᠨ ᠵᠠᠰᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠨᠡᠶᠢᠭᠡᠮ ᠲᠣᠭᠤᠷᠢᠭ ᠤᠨ ᠠᠵᠢᠯᠲᠠᠨ ᠢ ᠵᠢᠭᠡᠯᠡᠨ ᠬᠡᠷᠡᠭᠯᠡᠵᠤ ᠪᠣᠯᠬᠤ ᠦᠭᠡᠢ︔ ᠵᠡᠭᠡᠯᠢ ᠭᠤᠳᠤᠮᠵᠢ ︵ᠰᠢᠶᠠᠩ ᠪᠠᠯᠭᠠᠰᠤ︶ ᠦᠨᠡᠬᠡᠷ ᠵᠢᠭᠡᠯᠡᠨ ᠬᠡᠷᠡᠭᠯᠡᠬᠦ ᠴᠢᠬᠤᠯᠠᠲᠠᠶ ᠪᠠᠶᠢᠪᠠᠯ᠂ ᠵᠢᠷᠤᠮᠵᠢᠯ ᠶᠣᠰᠣᠭᠠᠷ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠶᠢᠯᠭ᠎ᠠ ᠭᠠᠷᠭᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠮᠵᠢ ᠶᠢ ᠦᠨᠡᠨ ᠬᠦ ᠪᠣᠳᠠᠲᠤ ᠶᠠᠪᠤᠳᠠᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠦᠢᠯᠡᠴᠢᠯᠡᠭᠡᠨ ᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号