ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠦᠢᠷ᠎ᠡ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠣᠬᠢᠶᠠᠯ ᠢ ᠰᠤᠷᠤᠯᠴᠠᠨ ᠲᠤᠭᠤᠰᠢᠯᠠᠭᠤᠯᠵᠥ ᠪᠦᠬᠦ ᠣᠷᠣᠨ ᠤ ᠳᠦᠷᠦᠬᠦᠦ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/4/23
    4 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠲᠦᠷᠦᠬᠦᠦ ᠤᠯᠠᠷᠢᠯ ᠤᠨ ᠠᠵᠤ ᠠᠬᠤᠶ ᠶᠢᠨ ᠡᠷᠬᠢᠯᠳᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠡᠢ᠃    ᠬᠤᠷᠠᠯ ᠠᠴᠠ ︽ᠦᠨᠡᠨ︾ ᠰᠡᠳᠬᠦᠯ ᠤᠨ 2024 ᠣᠨ ᠤ 8 ᠳ᠋ᠤᠭᠠᠷ ᠬᠤᠭᠤᠴᠠᠭ᠎ᠠ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠬᠡᠷᠡᠭᠳᠡᠢ︾ ᠬᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠤᠷᠴᠡ ᠠᠴᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠲᠠᠨᠢᠵᠤ᠂ ᠡᠪᠦᠭᠡ ᠳᠡᠭᠡᠳᠦᠰ ᠤᠨ ᠦᠯᠡᠳᠡᠭᠡᠭᠰᠡᠨ ᠡᠷᠳᠡᠨᠢᠰ ᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠳᠤᠮᠳᠠᠳᠤ ᠶᠢᠨ ᠰᠣᠶᠣᠯ ᠢ ᠨᠠᠩ ᠰᠠᠶᠢᠲᠤᠷ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠢᠵᠢᠯᠢᠰᠢᠬᠦ ᠰᠡᠳᠭᠢᠯᠭᠡ ᠪᠠ ᠣᠮᠣᠭᠰᠢᠬᠤ ᠰᠡᠳᠭᠢᠯᠭᠡ ᠶᠢ ᠨᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠴᠥᠭᠡᠨ ᠲᠣᠭᠠᠲᠤ ᠦᠨᠳᠦᠰᠦᠲᠡᠨ ᠤ ᠲᠡᠦᠬᠡ ᠰᠣᠶᠣᠯ ᠤᠨ ᠰᠤᠳᠤᠯᠤᠯ ᠢ ᠴᠢᠩᠭᠠᠳᠬᠠᠵᠤ᠂ ᠬᠠᠭᠤᠴᠢ ᠰᠤᠳᠤᠯᠤᠯ ᠤᠨ ᠦᠯᠡᠳᠡᠭᠳᠡᠯ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠳᠡᠮᠵᠢᠬᠦ ᠪᠠᠨ ᠴᠢᠩᠭᠠᠳᠬᠠᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠢᠳᠡᠪᠬᠢᠲᠡᠶ ᠠᠬᠢᠭᠤᠯᠵᠤ᠂ ᠬᠤᠪᠢᠰᠬᠠᠯ ᠤᠨ ᠡᠬᠢ ᠪᠠᠶᠠᠯᠢᠭ ᠪᠠ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠰᠠᠶᠢᠬᠠᠨ ᠬᠡᠷᠡᠭᠯᠡᠵᠦ᠂ ᠤᠮᠠᠷᠠᠲᠤ ᠬᠢᠯᠢ ᠶᠢᠨ ᠰᠣᠶᠣᠯ ᠤᠨ ᠡᠯᠪᠡᠭ ᠪᠠᠶᠠᠯᠢᠭ ᠠᠭᠤᠯᠤᠭᠳᠠᠬᠤᠨ ᠪᠠ ᠭᠦᠨ ᠵᠤᠵᠠᠭᠠᠨ ᠤᠤᠷ ᠳᠤᠨᠳᠠᠰᠤ ᠶᠢ ᠨᠠᠩ ᠰᠠᠶᠢᠲᠤᠷ ᠢᠯᠡᠷᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠨᠡ ᠵᠢᠯ ᠠᠴᠠ ᠨᠠᠭᠠᠰᠢ ᠪᠦᠬᠦ ᠣᠷᠣᠨ ᠤ ᠠᠵᠤ ᠠᠬᠤᠢ ᠶᠢᠨ ᠡᠷᠭᠢᠯᠲᠡ ᠰᠠᠶᠢᠨ ᠡᠬᠢᠯᠡᠯᠲᠡ ᠲᠠᠢ ᠪᠣᠯᠤᠭᠰᠠᠨ ᠪᠥᠭᠡᠳ ᠪᠠᠰᠠ ᠵᠠᠷᠢᠮ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠨ᠎ᠠ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ ᠵᠢᠯ ᠤᠨ ᠬᠠᠷᠠᠯᠲᠠ ᠪᠠᠨ ᠤᠨᠢᠯᠠᠵᠥ ᠭᠤᠶᠢᠪᠢᠰᠢ ᠦᠭᠡᠢ ᠲᠡᠮᠡᠴᠡᠵᠤ᠂ ᠶᠡᠭᠡ ᠬᠦᠴᠦ ᠣᠷᠣᠭᠤᠯᠵᠥ ᠳᠠᠪᠠᠭᠤᠯᠢᠭ ᠢᠶᠠᠨ ᠨᠡᠮᠡᠭᠳᠡᠬᠦᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠥᠭᠵᠢᠯᠲᠡ ᠶᠢ ᠨᠥᠯᠥᠭᠡᠯᠡᠨ ᠬᠦᠯᠢᠶᠡᠰᠤᠯᠡᠵᠥ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠩ ᠰᠠᠶᠢᠨ ᠦᠷ᠎ᠡ ᠳ᠋ᠦᠩ ᠤᠯᠬᠤ ᠪᠠᠷ ᠴᠢᠷᠮᠠᠶᠢᠬᠤ ᠬᠡᠷᠡᠭᠲᠡᠢ᠃ ᠨᠢᠭᠡ ᠳᠤ᠂ ︽ᠵᠢᠷᠭᠤᠭᠠᠨ ᠢᠨᠵᠧᠨᠧᠷᠢᠩ︾ ᠢ ᠲᠦᠷᠭᠡᠳᠭᠡᠨ ᠬᠡᠷᠡᠭᠵᠢᠭᠦᠯᠵᠦ᠂ ᠱᠠᠲᠤ ᠱᠠᠲᠤ ᠪᠠᠷ ᠳᠠᠷᠤᠯᠲᠠ ᠥᠭᠴᠦ᠂ ᠠᠶᠢᠮᠠᠭ ᠬᠤᠲᠠ᠂ ᠬᠤᠰᠢᠭᠤ ᠰᠢᠶᠠᠨ ᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠤᠷᠳᠤᠴᠠ ᠶᠢ ᠲᠦᠷᠭᠡᠳᠭᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠷᠲᠡᠬᠡᠨ ᠦᠷ᠎ᠡ ᠪᠦᠲᠦᠮᠵᠢ ᠣᠯᠵᠤ᠂ ᠢᠯᠡᠭᠦᠦ ᠠᠮᠵᠢᠯᠳᠠ ᠪᠦᠳᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠳᠡᠢ᠃ ᠬᠤᠶᠠᠷ ᠲᠤ᠂ ᠠᠵᠤ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠡᠨᠧᠷᠭᠢ ᠨᠥᠭᠡᠴᠡᠯᠡᠬᠦ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠥ᠂ ᠴᠢᠩᠭ᠎ᠠ ᠠᠳᠬᠤᠨ ᠲᠦᠷᠭᠡᠨ ᠠᠵᠢᠯᠯᠠᠵᠤ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ ᠨᠡᠭᠦᠷᠡᠰᠦ ᠶᠢ ᠨᠠᠷᠢᠯᠢᠭ ᠪᠣᠯᠪᠠᠰᠤᠷᠠᠭᠤᠯᠬᠤ ᠶᠢ ᠠᠬᠢᠭᠤᠯᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠲᠦᠷᠭᠡᠳᠭᠡᠨ ᠬᠥᠭᠵᠢᠭᠦᠯᠵᠦ᠂ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠶ ᠤᠷᠲᠤᠳᠬᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠳᠡᠢ᠃ ᠠᠷᠭ᠎ᠠ ᠪᠦᠬᠦᠨ ᠢ ᠰᠦᠪᠡᠭᠴᠢᠯᠡᠵᠦ ᠬᠡᠷᠡᠭᠯᠡᠭᠡ᠂ ᠪᠠᠷᠠᠭᠠᠨ ᠤ ᠭᠦᠢᠯᠭᠡᠭᠡ᠂ ᠵᠢᠭᠤᠯᠴᠢᠯᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠵᠦ᠂ ᠬᠠᠶᠠᠬᠳᠠᠮᠠᠯ ᠬᠠᠭᠤᠴᠢᠨ ᠪᠣᠳᠠᠰ ᠢ ᠬᠤᠷᠢᠶᠠᠨ ᠠᠪᠴᠤ ᠠᠰᠢᠭᠯᠠᠬᠤ ᠶᠢ ᠬᠥᠭᠵᠢᠭᠦᠯᠵᠦ᠂ ᠡᠯᠡᠰᠦ ᠶᠢ ᠵᠠᠰᠠᠬᠤ ᠠᠵᠤ ᠦᠢᠯᠡᠰ ᠤᠨ ᠬᠡᠯᠬᠢᠶ᠎ᠡ ᠶᠢ ᠲᠦᠷᠭᠡᠳᠭᠡᠨ ᠪᠠᠶᠢᠭᠤᠯᠬᠤ ᠬᠡᠷᠡᠭᠳᠡᠢ᠃ ᠭᠤᠷᠪᠠ ᠳᠤ᠂ ᠳᠠᠪᠠᠭᠤᠯᠢᠭ ᠲᠠᠭᠠᠨ ᠰᠠᠭᠤᠷᠢᠯᠠᠨ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠪᠤᠶᠢᠵᠢᠭᠤᠯᠤᠨ ᠬᠥᠭᠵᠢᠭᠦᠯᠬᠦ ᠬᠡᠷᠡᠭᠳᠡᠢ᠃ ᠲᠦᠷᠪᠡ ᠳᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠬᠦᠯᠦᠨ ᠰᠠᠶᠢᠲᠤᠷ ᠠᠳᠬᠤᠬᠤ ᠬᠡᠷᠡᠭᠳᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠲᠣᠪᠴᠢᠶ᠎ᠠ ᠪᠣᠯᠤᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠦᠢᠯᠡᠳᠦᠯ ᠢᠶᠠᠨ ᠦᠨᠡᠨ ᠪᠣᠳᠠᠲᠠᠢ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠬᠤᠪᠢᠷᠠᠯᠲᠠ ᠶᠢ ᠦᠨᠡᠨ ᠬᠦ ᠮᠡᠳᠡᠷᠡᠭᠦᠯᠵᠦ᠂ ᠨᠡᠩ ᠤᠯᠠᠨ ᠠᠰᠢᠭ ᠬᠦᠷᠲᠡᠭᠡᠬᠦ ᠬᠡᠷᠡᠭᠳᠡᠢ᠃ ᠪᠠᠭᠠᠲᠤᠷ ᠡᠷ᠎ᠡ ᠪᠠᠭᠤᠤ ᠪᠠᠨ ᠴᠠᠪᠴᠢᠬᠤ ᠰᠥᠰᠥ ᠵᠣᠷᠢᠭ ᠢᠶᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠪᠡᠷᠳᠡᠬᠡᠨ ᠵᠠᠰᠠᠬᠤ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠠᠬ᠎ᠠ ᠳᠡᠯᠭᠡᠭᠦᠷ ᠤᠨ ᠠᠵᠤ ᠠᠬᠤᠶ ᠶᠢᠨ ᠶᠡᠭᠡ ᠤᠷᠤᠰᠬᠠᠯ ᠳᠤᠮᠳᠠ ᠠᠷᠢᠭᠤᠰᠬᠠᠯ ᠬᠦᠷᠳᠡᠵᠤ᠂ ᠰᠢᠯᠢᠳᠡᠭ ᠢ ᠨᠢ ᠦᠯᠡᠳᠡᠬᠡᠵᠦ ᠰᠢᠭᠠᠷᠤ ᠶᠢ ᠨᠢ ᠰᠢᠭᠰᠢᠭᠳᠡᠭᠦᠯᠬᠦ ᠬᠡᠷᠡᠭᠳᠡᠢ᠃ ᠲᠠᠪᠤ ᠳᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠨ ᠭᠦᠢᠴᠡᠳᠭᠡᠵᠦ᠂ ᠴᠢᠬᠤᠯᠠ ᠶᠡᠭᠡ ᠲᠦᠷᠦᠯ ᠵᠦᠢᠯ ᠤᠨ ᠡᠬᠢᠯᠡᠬᠦᠯᠵᠥ ᠳᠡᠶᠢᠯᠬᠦ ᠶᠢ ᠨᠢ ᠪᠦᠬᠦᠨ ᠢ ᠡᠬᠢᠯᠡᠭᠦᠯᠬᠦ ᠶᠢ ᠠᠬᠢᠭᠤᠯᠵᠤ᠂ ᠪᠣᠳᠠᠲᠤ ᠪᠤᠳᠠᠰ ᠢᠶᠠᠷ ᠢᠯᠡᠷᠡᠭᠰᠡᠨ ᠨᠡᠩ ᠤᠯᠠᠨ ᠠᠵᠢᠯ ᠤᠨ ᠬᠡᠮᠵᠢᠶ᠎ᠡ ᠶᠢ ᠪᠦᠷᠢᠯᠳᠦᠭᠦᠯᠬᠦ ᠬᠡᠷᠡᠭᠳᠡᠢ᠃ ᠵᠢᠷᠭᠤᠭ᠎ᠠ ᠳᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠲᠠᠯ᠎ᠠ ᠪᠠᠷ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠵᠣᠬᠢᠰᠲᠠᠢ ᠠᠷᠢᠯᠭᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃    ᠬᠤᠷᠠᠯ ᠠᠴᠠ 2024 ᠣᠨ ᠤ ᠬᠤᠶᠠᠳᠤᠭᠠᠷ ᠤᠯᠠᠷᠢᠯ ᠤᠨ ᠲᠥᠪ ᠤᠨ ᠳᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠲᠤᠰᠬᠠᠶ ᠠᠵᠢᠯ ᠤᠨ ᠲᠣᠭᠲᠠᠴᠠ ᠶᠢᠨ ᠬᠤᠷᠠᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠬᠡᠯᠪᠡᠷᠢᠴᠢ ᠦᠵᠡᠯ ᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠳᠣᠪᠤᠶᠢᠯᠭᠠᠨ ᠰᠠᠶᠢᠲᠤᠷ ᠠᠳᠬᠤᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠢᠯᠡᠷᠡᠭᠦᠯᠦᠭᠰᠡᠨ ᠠᠰᠠᠭᠤᠳᠠᠯ ᠳᠤ᠂ ᠨᠢᠭᠡ ᠠᠴᠠ ᠨᠦᠬᠦᠬᠡ ᠶᠢ ᠵᠦᠢᠴᠢᠯᠡᠨ ᠮᠡᠳᠡᠵᠥ ᠴᠠᠭ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠰᠡᠷᠭᠡᠶᠢᠯᠡᠬᠦ ᠲᠣᠭᠲᠠᠴᠠ ᠶᠢ ᠪᠦᠷᠢᠨᠰᠢᠬᠦᠯᠵᠥ᠂ ︽ᠨᠢᠭᠡ ᠶᠠᠪᠤᠳᠠᠯ︾ ᠢ ᠰᠢᠢᠳᠪᠦᠷᠢᠯᠡᠬᠦ ᠠᠴᠠ ︽ᠨᠢᠭᠡ ᠲᠦᠷᠦᠯ ᠤᠨ ᠶᠠᠪᠤᠳᠠᠯ︾ ᠢ ᠰᠠᠶᠢᠲᠤᠷ ᠰᠢᠢᠳᠪᠦᠷᠢᠯᠡᠬᠦ ᠲᠡᠶᠢᠰᠢ ᠤᠷᠲᠤᠳᠬᠠᠬᠤ ᠶᠢ ᠪᠡᠶᠡᠯᠡᠭᠦᠯᠵᠦ᠂ ᠠᠰᠠᠭᠤᠳᠠᠯ ᠤᠨ ᠲᠠᠯᠳᠠ ᠪᠠᠷ ᠬᠤᠪᠢᠷᠠᠵᠤ᠂ ᠲᠠᠬᠢᠨ ᠡᠭᠦᠰᠬᠦ ᠢᠢ ᠡᠷᠡᠰ ᠰᠡᠷᠭᠡᠶᠢᠯᠡᠬᠦ ᠬᠡᠷᠡᠭᠲᠡᠢ ᠬᠡᠵᠥ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠳ᠋ᠦ᠋ ᠽᠢ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠢᠶᠠᠷ ᠰᠡᠵᠢᠭᠯᠡᠭᠳᠡᠵᠦ᠂ ᠣᠳᠣᠬᠠᠨ ᠳᠤ ᠶᠠᠭ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠪᠠ ᠬᠢᠨᠠᠨ ᠪᠠᠶᠢᠴᠠᠭᠠᠬᠤ ᠪᠠᠶᠢᠴᠠᠭᠠᠯᠲᠠ ᠶᠢ ᠬᠦᠯᠢᠶᠡᠵᠦ ᠪᠠᠶᠢᠬᠤ ᠶᠢ ᠮᠡᠳᠡᠭᠳᠡᠪᠡ᠃ ᠬᠤᠷᠠᠯ ᠳᠤ ᠣᠷᠣᠯᠴᠠᠭᠰᠠᠨ ᠨᠥᠬᠦᠳ᠂ ᠨᠠᠮ ᠤᠨ ᠲᠥᠪ ᠬᠤᠷᠢᠶ᠎ᠠ ᠶᠢᠨ ᠲᠣᠭᠲᠠᠭᠠᠯ ᠢ ᠡᠷᠡᠰ ᠬᠦᠷᠢᠶᠡᠯᠡᠵᠦ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠣᠭᠲᠠᠭᠠᠯ ᠢ ᠡᠷᠡᠰ ᠬᠦᠷᠢᠶᠡᠯᠡᠨ᠎ᠡ ᠭᠡᠵᠦ ᠰᠠᠨᠠᠯ ᠨᠢᠭᠡᠲᠡᠢ ᠢᠯᠡᠳᠭᠡᠵᠡᠬᠡᠪᠡ᠃ ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠳ᠋ᠦ᠋ ᠽᠢ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠢᠶᠠᠷ ᠰᠡᠵᠢᠭᠯᠡᠭᠳᠡᠭᠰᠡᠨ ᠶᠠᠪᠤᠳᠠᠯ ᠳᠤ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠪᠠ ᠬᠢᠨᠠᠨ ᠪᠠᠶᠢᠴᠠᠭᠠᠯᠲᠠ ᠶᠢᠨ ᠪᠠᠶᠢᠴᠠᠭᠠᠯᠲᠠ ᠬᠢᠭᠰᠡᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠢᠬᠡ ᠮᠦᠴᠡ ᠴᠤ ᠵᠤᠬᠰᠤᠯ ᠦᠬᠡᠢ ᠠᠬᠢᠭᠤᠯᠵᠥ᠂ ᠢᠯᠵᠠᠷᠠᠯ ᠢ ᠡᠷᠡᠰ ᠴᠢᠩᠭ᠎ᠠ ᠵᠠᠯᠬᠠᠭᠠᠨ ᠰᠢᠢᠳᠭᠡᠬᠦ ᠡᠷᠡᠰ ᠪᠠᠲᠤ ᠵᠣᠷᠢᠭ ᠪᠠ ᠢᠯᠡ ᠲᠣᠳᠣ ᠣᠪᠣᠷ ᠢ ᠭᠦᠢᠴᠡᠳ ᠢᠯᠡᠷᠡᠭᠦᠯᠪᠡ᠃ ᠪᠥᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠮᠤᠵᠢ ᠶᠢᠨ ᠲᠠᠰ ᠤᠨ ᠤᠳᠤᠷᠢᠳᠬᠤ ᠺᠠᠳ᠋ᠷ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠭᠢᠯ ᠢᠶᠠᠨ ᠨᠢᠭᠡᠳᠭᠡᠨ ᠰᠦᠭ ᠰᠦᠨᠡᠰᠦ ᠪᠠᠨ ᠱᠤᠭᠤᠵᠤ᠂ ᠢᠮᠠᠭᠲᠠ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠵᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠤᠬᠠᠮᠰᠠᠷ ᠠᠴᠠ ᠪᠠᠨ ᠲᠡᠮᠦᠷ ᠮᠡᠲᠦ ᠬᠠᠳᠠᠭᠤ ᠴᠢᠩᠭ᠎ᠠ ᠰᠠᠬᠢᠯᠭ᠎ᠠ ᠪᠠᠲᠤ ᠶᠢ ᠡᠳᠦᠷ ᠲᠤᠲᠤᠮ ᠤᠨ ᠳᠠᠳᠬᠠᠯ ᠪᠠ ᠦᠢᠯᠡ ᠠᠵᠢᠯᠯᠠᠭ᠎ᠠ ᠶᠢᠨ ᠢᠶᠠᠨ ᠪᠠᠷᠢᠮᠵᠢᠶ᠎ᠠ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠥᠴᠦᠬᠡᠨ ᠴᠦ ᠰᠤᠯᠠᠷᠠᠭᠤᠯᠤᠯ ᠥᠬᠡᠶ ᠪᠠᠷ ᠱᠠᠮᠰᠢᠬᠤ ᠶᠢ ᠵᠠᠯᠬᠠᠭᠠᠨ ᠢᠯᠵᠠᠷᠠᠯ ᠢ ᠵᠠᠰᠠᠵᠤ᠂ ᠴᠦᠬᠦᠷᠡᠰᠢ ᠥᠬᠡᠶ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠦᠨᠡᠨ ᠬᠦ ᠪᠣᠶ ᠪᠣᠯᠭᠠᠬᠤ ᠬᠡᠷᠡᠭᠲᠡᠶ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ ᠬᠠᠷᠢᠭᠤᠴᠠᠯᠭ᠎ᠠ ᠲᠤᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠲᠡᠮᠡᠴᠡᠯ ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠥ ᠭᠠᠷᠭᠠᠪᠠ᠃    ᠬᠤᠷᠠᠯ ᠠᠴᠠ ︽ᠰᠢᠨ᠎ᠡ ᠴᠠᠭ ᠦᠶ᠎ᠡ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号