ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠤᠳᠤᠷᠢᠳᠬᠤ ᠨᠥᠬᠦᠳ ᠣᠷᠣᠨ ᠤ ᠲᠥᠪ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/4/23
    ᠲᠦᠷᠪᠡᠨ ᠰᠠᠷ᠎ᠠ ᠶᠢᠨ ᠤᠮᠠᠷᠠᠲᠤ ᠬᠢᠯᠢ ᠶᠢᠨ ᠡᠬᠡ ᠭᠠᠵᠠᠷ ᠲᠤ ᠬᠠᠪᠤᠷ ᠤᠨ ᠤᠷᠢ ᠰᠠᠭᠠᠳᠠᠵᠦ᠂ ᠮᠣᠳᠣ ᠲᠠᠷᠢᠬᠤ ᠰᠠᠶᠢᠬᠠᠨ ᠴᠠᠭ ᠪᠤᠯᠤᠯ᠎ᠠ᠃ 4 ᠰᠠᠷ᠎ᠠ ᠶᠢᠨ 20 ᠤ ᠡᠳᠦᠷ᠂ ᠰᠦᠨ ᠱᠣᠤ ᠴᠧᠩ᠂ ᠸᠠᠩ ᠯᠢ ᠰᠢᠶᠠ᠂ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠠᠷᠮᠢ ᠶᠢᠨ ᠲᠠᠰ ᠤᠨ ᠤᠳᠤᠷᠢᠳᠬᠤ ᠨᠥᠬᠦᠳ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠶᠢ ᠱᠠ ᠴᠡᠴᠡᠷᠯᠢᠭ ᠲᠤ ᠬᠦᠷᠴᠤ᠂ ᠣᠷᠣᠨ ᠤ ᠲᠥᠪ ᠤᠨ ᠺᠠᠳ᠋ᠷ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃    ᠲᠡᠭᠷᠢ ᠴᠠᠯᠮᠡᠶᠢᠨ ᠨᠠᠷᠠ ᠲᠤᠨᠤᠷᠠᠵᠦ᠂ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠬᠦᠮᠦᠰ ᠶᠠᠭᠠᠷᠠᠯᠳᠠᠢ ᠬᠦᠳᠡᠯᠮᠤᠷᠢᠯᠠᠵᠤ ᠬᠦᠷ ᠬᠦᠭᠵᠢᠶᠠᠨ ᠢᠶᠠᠷ ᠪᠢᠯᠬᠠᠨ᠎ᠠ᠃ ᠰᠦᠨ ᠱᠤᠤ ᠴᠧᠩ ᠨᠠᠷ ᠲᠡᠷᠭᠡᠨ ᠠᠴᠠ ᠪᠠᠨ ᠪᠠᠭᠤᠮᠠᠭᠴᠠ ᠬᠦᠷᠵᠡ ᠡᠳ᠋ᠬᠤᠨ᠂ ᠺᠠᠳ᠋ᠷ ᠤᠯᠠᠨ ᠲᠦᠮᠡᠨ ᠲᠠᠢ ᠬᠠᠮᠲᠤ ᠪᠠᠷ ᠨᠦᠬᠡ ᠮᠠᠯᠳᠠᠨ ᠬᠠᠰᠢᠯᠭ᠎ᠠ ᠪᠤᠰᠬᠠᠵᠦ᠂ ᠰᠠᠭᠤᠯᠠᠭ᠎ᠠ ᠲᠡᠬᠦᠵᠢᠯᠡᠵᠦ ᠤᠰᠤᠯᠠᠨ ᠰᠢᠨ᠎ᠡ ᠴᠢᠬᠢ ᠮᠤᠲᠤ ᠨᠤᠭᠤᠳ ᠢ ᠰᠠᠭᠤᠯᠭᠠᠵᠤ ᠭᠠᠷᠪᠠ᠃ ᠰᠦᠨ ᠱᠤᠤ ᠴᠧᠩ ᠮᠣᠳᠣ ᠲᠠᠷᠢᠬᠤ ᠶᠢᠨ ᠳᠠᠭᠠᠤ ᠲᠠᠷᠭᠡᠳᠡᠬᠢ ᠪᠠᠭ᠎ᠠ ᠰᠤᠷᠭᠠᠭᠤᠯᠢ ᠶᠢᠨ ᠰᠤᠷᠤᠭᠴᠢᠳ ᠠᠴᠠ ᠰᠤᠷᠤᠯᠭ᠎ᠠ ᠪᠠ ᠠᠮᠢᠳᠤᠷᠠᠯ᠂ ᠬᠥᠳᠡᠯᠮᠦᠷᠢ ᠶᠢᠨ ᠦᠢᠯᠡᠳᠦᠯᠭᠡ ᠵᠡᠷᠭᠡ ᠪᠠᠶᠢᠳᠠᠯ ᠢ ᠨᠢ ᠬᠠᠯᠠᠮᠵᠢᠯᠠᠨ ᠠᠰᠠᠭᠤᠪᠠ᠃ ᠲᠡᠷᠡ᠂ ᠮᠣᠳᠣ ᠳᠠᠷᠢᠵᠤ ᠣᠶᠢᠵᠢᠭᠤᠯᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠪᠢᠳᠡ ᠪᠦᠭᠦᠳᠡᠭᠡᠷ ᠢᠶᠠᠨ ᠬᠥᠳᠡᠯᠦᠯᠴᠡᠵᠦ᠂ ᠮᠣᠳᠣ ᠳᠠᠷᠢᠵᠤ ᠣᠶᠢᠵᠢᠭᠤᠯᠬᠤ ᠳᠤ ᠢᠳᠡᠪᠬᠢᠲᠡᠶ ᠣᠷᠣᠯᠴᠠᠵᠤ᠂ ᠦᠶ᠎ᠡ ᠶᠢᠨ ᠦᠶ᠎ᠠ ᠪᠤᠤᠬᠢᠶ᠎ᠠ ᠵᠠᠯᠭᠠᠨ ᠠᠵᠢᠯᠯᠠᠳᠠᠭ ᠯᠠ ᠶᠤᠮ ᠪᠣᠯ᠂ ᠬᠡᠤᠬᠡᠳ ᠤᠳ ᠥᠭᠡᠯᠡᠶ ᠪᠤᠯᠬᠤ ᠦᠶ᠎ᠡ ᠳᠤ ᠥᠪᠥᠷ ᠮᠣᠩᠭᠤᠯ ᠨᠠᠩ ᠨᠤᠮᠢᠨ ᠨᠤᠭᠤᠭᠠᠨ ᠪᠣᠯᠬᠤ ᠨᠢ ᠯᠠᠪᠳᠠᠢ ᠶᠤᠮ ᠭᠡᠵᠤ ᠬᠡᠯᠡᠪᠡ᠃ ᠭᠡᠰᠡᠭ ᠶᠠᠭᠠᠷᠠᠯᠳᠠᠢ ᠬᠦᠳᠡᠯᠮᠤᠷᠢᠯᠡᠭᠦ ᠪᠠᠷ ᠲᠠᠮᠵᠢᠵᠦ᠂ ᠰᠢᠨ᠎ᠡ ᠪᠠᠷ ᠲᠠᠷᠢᠬᠰᠡᠨ ᠮᠦᠢᠯ ᠂ ᠴᠠᠭᠠᠨ ᠬᠠᠶᠢᠯᠠᠰᠤ᠂ ᠲᠠᠯᠠᠳᠤ ᠡᠮᠡᠭᠡᠨ ᠴᠠᠭᠠᠨ᠂ ᠵᠠᠷᠯᠢᠭ ᠲᠤᠭᠤᠷ᠂ ᠠᠬᠴᠢ ᠵᠡᠷᠭᠡ ᠴᠢᠬᠢ ᠮᠣᠳᠣᠳ ᠵᠢᠬᠳᠠᠷᠠᠨ ᠰᠠᠯᠬᠢᠨ ᠤ ᠠᠶ᠎ᠠ ᠪᠠᠷ ᠨᠠᠶᠢᠭᠤᠨ᠎ᠡ᠃    ᠮᠣᠳᠣ ᠲᠠᠷᠢᠬᠤ ᠬᠤᠭᠤᠴᠠᠭᠠᠨ ᠳᠤ᠂ ᠰᠦᠨ ᠱᠤᠤ ᠴᠧᠩ ᠪᠠᠰᠠ ᠴᠡᠴᠡᠷᠯᠢᠭ ᠲᠠᠬᠢ ᠤᠢ ᠮᠣᠳᠣᠨ ᠤ ᠤᠷᠭᠤᠯᠳᠠ ᠶᠢᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠲᠤᠬᠠᠢ ᠶᠢᠨ ᠲᠠᠯᠠᠪᠠᠢ ᠳᠤ ᠪᠠᠶᠢᠭᠰᠠᠨ ᠠᠵᠢᠯᠲᠠᠳ ᠲᠠᠢ ᠭᠦᠨᠵᠡᠭᠡᠢ ᠶᠠᠷᠢᠯᠴᠠᠨ᠂ ᠴᠢᠬᠢ ᠮᠣᠳᠣᠨ ᠤ ᠲᠦᠷᠦᠯ ᠵᠦᠢᠯ᠂ ᠢᠷᠡᠯᠳᠡ᠂ ᠦᠨ᠎ᠡ ᠬᠠᠩᠰᠢ᠂ ᠤᠷᠭᠤᠯᠳᠠ ᠶᠢᠨ ᠦᠶᠡᠯᠡᠯ ᠤᠨ ᠬᠤᠭᠤᠴᠠᠭ᠎ᠠ ᠵᠡᠷᠭᠡ ᠪᠠᠶᠢᠳᠠᠯ ᠢ ᠨᠠᠷᠢᠨ ᠨᠢᠮᠪᠠᠢ ᠯᠠᠪᠯᠠᠨ ᠠᠰᠠᠭᠤᠪᠠ᠃ ᠲᠡᠷᠡ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠶ ᠮᠣᠳᠣᠨ ᠤ ᠡᠭᠦᠯᠳᠡᠷ ᠢ ᠰᠣᠩᠭᠤᠵᠤ᠂ ᠮᠣᠳᠣᠨ ᠤ ᠲᠥᠷᠥᠯ ᠲᠠᠩ ᠴᠤᠯᠭᠤᠶ ᠪᠣᠯᠬᠤ ᠠᠴᠠ ᠵᠠᠶᠢᠯᠠᠰᠭᠢᠵᠦ᠂ ᠣᠶ ᠮᠣᠳᠣᠨ ᠤ ᠡᠳᠡᠭᠡᠷᠡᠯᠳᠡ ᠶᠢᠨ ᠨᠣᠷᠮ᠎ᠠ ᠶᠢ ᠪᠠᠲᠤᠯᠠᠬᠤ ᠬᠡᠷᠡᠭᠲᠡᠶ᠃ ᠨᠣᠭᠤᠭᠠᠷᠠᠭᠤᠯᠤᠯᠲᠠ ᠶᠢ ᠥᠷᠭᠡᠳᠭᠡᠬᠦ᠂ ᠨᠣᠭᠤᠭᠠᠷᠠᠭᠤᠯᠤᠯᠲᠠ ᠶᠢ ᠠᠬᠢᠭᠤᠯᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠨᠢᠭᠡᠳᠭᠡᠬᠦ ᠶᠢ ᠪᠠᠷᠢᠮᠲᠠᠯᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠤᠯᠤᠰ ᠤᠨ ᠨᠤᠲᠤᠭ ᠳᠡᠪᠢᠰᠭᠡᠷ ᠤᠨ ᠨᠣᠭᠤᠭᠠᠷᠠᠭᠤᠯᠤᠯᠲᠠ ᠶᠢ ᠶᠡᠭᠡ ᠪᠠᠷ ᠠᠬᠢᠭᠤᠯᠵᠤ᠂ ᠤᠢ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠤᠮᠢᠨ ᠨᠣᠭᠤᠭᠠᠨ ᠤᠷᠳᠤ ᠴᠠᠭᠠᠨ ᠬᠡᠷᠡᠮ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠤ ᠬᠡᠯᠡᠪᠡ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠲᠡᠰ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠶᠢᠨ ᠲᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠳᠠᠬᠢ ᠶᠡᠷᠦᠩᠬᠡᠢ ᠠᠩᠬᠢ ᠶᠢᠨ ᠠᠷᠮᠢ ᠶᠢᠨ ᠲᠡᠰ ᠤᠨ ᠤᠳᠤᠷᠢᠳᠬᠤ ᠨᠥᠬᠦᠳ᠂ ᠬᠥᠬᠡᠬᠤᠲᠠ ᠶᠢᠨ ᠪᠠᠶᠢᠭᠤᠯᠭ᠎ᠠ ᠶᠢᠨ ᠺᠠᠳ᠋ᠷᠴᠤᠳ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃   ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠭᠠᠰᠢ᠂ ᠪᠥᠬᠦ ᠣᠷᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠰᠠᠨ ᠬᠥᠮᠦᠨ ᠤ ᠲᠤᠭ᠎ᠠ ᠨᠡᠶᠢᠲᠡ 194.2 ᠲᠦᠮᠡᠨ ᠬᠥᠮᠦᠨ ᠤᠳᠠᠭ᠎ᠠ ᠳᠤ ᠬᠦᠷᠴᠦ᠂ ᠮᠣᠳᠣ ᠳᠠᠷᠢᠭᠰᠠᠨ ᠲᠠᠯᠠᠪᠠᠶ 10.6 ᠲᠦᠮᠡ ᠭᠠᠷᠤᠢ ᠮᠥ ᠳᠤ ᠬᠦᠷᠴᠡᠶ᠃ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠰᠦᠯᠵᠢᠶᠡᠨ ᠳᠡᠭᠡᠷᠠᠬᠢ ᠪᠠ ᠠᠬᠤᠢ ᠲᠠᠯᠠᠪᠠᠢ ᠶᠢᠨ ᠠᠵᠢᠯᠯᠠᠭ᠎ᠠ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠶᠢᠨ ᠲᠥᠯᠥᠭᠡ᠂ ᠮᠠᠨ ᠤ ᠣᠷᠣᠨ ᠪᠠᠰᠠ ︽ᠢᠨᠲ᠋ᠤᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢ ᠥᠷᠨᠢᠭᠦᠯᠵᠦ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢ ᠬᠠᠨᠳᠤᠯᠭ᠎ᠠ ᠲᠠᠢ ᠪᠠᠷ 263 ᠲᠠᠯᠠᠪᠤᠷ ᠵᠣᠬᠢᠶᠠᠨ ᠪᠠᠶᠢᠭᠤᠯᠵᠤ᠂ ᠣᠷᠣᠯᠴᠠᠭᠰᠠᠨ ᠬᠥᠮᠦᠨ ᠤ ᠲᠤᠭ᠎ᠠ 19.3 ᠲᠦᠮᠡᠨ ᠬᠥᠮᠦᠨ ᠤᠳᠠᠭ᠎ᠠ ᠳᠤ ᠬᠥᠷᠴᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号