ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/4/24
     4 ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠳᠤ ᠭᠦᠨᠵᠡᠭᠡᠶᠢᠷᠡᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤ ᠠᠷᠪᠢᠯᠠᠬᠤ ᠤᠰᠤᠯᠠᠯᠲᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠠᠵᠢᠯ ᠢ ᠪᠠᠶᠢᠴᠠᠭᠠᠨ ᠰᠤᠳᠤᠯᠪᠠ᠃
1.jpg
2.jpg
     ᠪᠠᠷᠠᠭᠤᠨ ᠪᠡᠯ ᠪᠠᠯᠭᠠᠰᠤᠨ ᠤ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠳᠤ᠂ ᠪᠠᠶ ᠬᠠᠶ ᠯᠢᠨ ᠲᠠᠷᠢᠶᠠᠯᠠᠩ ᠤᠨ ᠬᠡᠷᠡᠭᠰᠡᠯ ᠤᠨ ᠲᠥᠷᠥᠯ ᠵᠦᠢᠯ᠂ ᠦᠨ᠎ᠡ ᠬᠠᠩᠰᠢ᠂ ᠬᠠᠩᠭᠠᠯᠭ᠎ᠠ ᠶᠢ ᠪᠠᠲᠤᠯᠠᠬᠤ ᠵᠢᠴᠢ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠪᠣᠯ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠴᠢᠬᠤᠯᠠ ᠪᠠᠲᠤᠯᠠᠭ᠎ᠠ ᠮᠥᠨ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠦᠷ᠎ᠡ᠂ ᠬᠢᠮᠢ ᠶᠢᠨ ᠪᠤᠷᠳᠤᠭᠤᠷ ᠂ ᠲᠠᠷᠢᠶᠠᠯᠠᠩ ᠤᠨ ᠮᠠᠰᠢᠨ ᠵᠡᠷᠭᠡ ᠡᠳ᠋ ᠪᠣᠳᠠᠰ ᠢ ᠨᠥᠭᠡᠴᠡᠯᠡᠵᠦ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠮᠡᠷᠭᠡᠵᠢᠯ ᠤᠨ ᠦᠢᠯᠡᠴᠢᠯᠡᠭᠡ ᠵᠢᠯᠤᠭᠤᠳᠤᠯᠭ᠎ᠠ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃
3.jpg
4.jpg
     ᠬᠤᠤ ᠽᠧ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠨᠡᠭᠡᠭᠡᠨ ᠬᠥᠭᠵᠢᠭᠦᠯᠦᠯᠲᠡ ᠶᠢᠨ ᠺᠣᠮᠫᠠᠨᠢ᠂ ᠦᠵᠦᠮ ᠲᠠᠷᠢᠶᠠᠯᠠᠩ ᠤᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠳᠤ᠂ ᠪᠠᠶ ᠬᠠᠶ ᠯᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠪᠴᠢᠶ᠎ᠡ᠂ ᠦᠢᠯᠡᠳᠪᠦᠷᠢᠯᠡᠯ ᠪᠣᠷᠣᠯᠠᠭᠤᠯᠭ᠎ᠠ᠂ ᠠᠵᠤ ᠠᠬᠤᠶ ᠶᠢᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠵᠤ᠂ ᠠᠯᠠᠱᠠ ᠵᠡᠭᠦᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠬᠥᠲᠥᠯᠦᠮᠵᠢ ᠪᠣᠯᠭᠠᠵᠤ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠲᠦᠷᠭᠡᠨ ᠬᠥᠭᠵᠢᠭᠦᠯᠵᠦ᠂ ᠦᠷᠭᠦᠯᠵᠢᠯᠡᠨ ᠬᠡᠪᠴᠢᠶ᠎ᠡ ᠪᠠᠨ ᠥᠷᠭᠡᠳᠬᠡᠨ᠂ ᠪᠦᠲᠦᠭᠡᠭᠳᠡᠬᠦᠨ ᠢᠶᠠᠨ ᠰᠢᠯᠢᠳᠡᠭᠵᠢᠭᠦᠯᠵᠦ᠂ ᠨᠠᠷᠠᠲᠤ ᠲᠡᠮᠳᠡᠭ ᠢᠶᠠᠨ ᠠᠯᠳᠠᠷᠰᠢᠭᠤᠯᠵᠤ᠂ ᠨᠠᠩ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠵᠦ ᠱᠠᠭᠠᠷᠳᠠᠪᠠ᠃
5.jpg
     ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠦᠢᠯᠡᠴᠢᠯᠡᠬᠡᠨ ᠤ ᠲᠥᠪ ᠲᠤ᠂ ᠪᠠᠶ ᠬᠠᠶ ᠯᠢᠨ᠂ ᠠᠯᠠᠱᠠ ᠶᠢᠨ ᠤᠰᠤᠨ ᠤ ᠡᠬᠢ ᠪᠠᠶᠠᠯᠢᠭ ᠮᠠᠰᠢ ᠳᠤᠲᠠᠭᠳᠠᠵᠤ ᠪᠠᠶᠢᠭ᠎ᠠ ᠪᠣᠯᠬᠤᠷ ︽ᠤᠰᠤᠨ ᠤ ᠲᠠᠩᠰᠠ︾᠎ ᠶᠢ ᠨᠠᠷᠢᠨ ᠨᠢᠮᠪᠠᠶ ᠰᠠᠶᠢᠲᠤᠷ ᠪᠤᠳᠤᠵᠤ᠂ ᠲᠠᠷᠢᠶᠠᠯᠠᠩ ᠤᠨ ᠤᠰᠤ ᠬᠡᠷᠡᠭᠯᠡᠬᠦ ᠬᠢᠵᠠᠭᠠᠷᠯᠠᠯ ᠢ ᠴᠢᠩᠭᠠᠳᠬᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠢᠳᠡᠪᠬᠢᠲᠡᠶ ᠳᠡᠯᠭᠡᠷᠡᠭᠦᠯᠦᠨ᠂ ᠤᠰᠤ ᠠᠷᠪᠢᠯᠠᠬᠤ ᠲᠦᠷᠢᠮ ᠲᠣᠭᠲᠠᠴᠠ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠪᠡ᠃
6.jpg
     ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠠᠯᠠᠱᠠ ᠶᠢᠨ ᠰᠢᠭᠤᠳ ᠬᠠᠷᠢᠶ᠎ᠠ ᠬᠥᠮᠥᠷᠭᠡ ᠳᠤ᠂ ᠪᠠᠢ ᠬᠠᠢ ᠯᠢᠨ ᠠᠮᠤ ᠪᠤᠳᠠᠭ᠎ᠠ ᠬᠠᠳᠠᠭᠠᠯᠠᠬᠤ ᠵᠢᠴᠢ ᠬᠥᠮᠥᠷᠭᠡ ᠠᠴᠠ ᠭᠠᠷᠭᠠᠬᠤ ᠶᠠᠪᠤᠴᠠ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠳᠦᠷᠢᠮᠵᠢᠭᠰᠡᠨ᠂ ᠵᠢᠷᠤᠮᠵᠢᠭᠰᠠᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠥᠭᠡᠴᠡ ᠠᠮᠤ ᠪᠤᠳᠠᠭᠠᠨ ᠤ ᠲᠤᠭ᠎ᠠ ᠬᠡᠮᠵᠢᠶ᠎ᠡ ᠦᠨᠡᠨ ᠪᠣᠳᠠᠲᠠᠢ᠂ ᠶᠠᠰᠤ ᠴᠢᠨᠠᠷ ᠰᠢᠯᠢᠳᠡᠭ᠂ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号