ᠪᠠᠶ ᠬᠠᠶ ᠯᠢᠨ ᠠᠯᠠᠱᠠ ᠠᠭᠤᠯᠠ ᠶᠢᠨ ᠠᠭᠤᠷᠬᠠᠶ ᠶᠢᠨ ᠠᠮᠤᠷ ᠲᠦᠪᠰᠢᠨ ᠪᠠ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/4/24
     4 ᠰᠠᠷ᠎ᠠ ᠶᠢᠨ 22᠎ ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠠᠭᠤᠯᠠ ᠶᠢᠨ ᠠᠭᠤᠷᠬᠠᠶ ᠶᠢᠨ ᠠᠮᠤᠷ ᠲᠦᠪᠰᠢᠨ ᠪᠠ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
1.jpg
     ᠪᠠᠢ ᠬᠠᠢ ᠯᠢᠨ ᠤᠷᠢᠳ ᠬᠤᠵᠢᠳ ᠲᠠᠶᠢᠰᠢ ᠶᠢᠨ ᠡᠯ ᠳ᠋ᠤᠤ ᠯᠢᠩ ᠨᠡᠭᠦᠷᠡᠰᠦᠨ ᠠᠭᠤᠷᠬᠠᠢ᠂ ᠬᠤᠩ ᠯᠢ ᠳ᠋ᠡ ᠯᠢᠩ ᠨᠡᠭᠦᠷᠡᠰᠦᠨ ᠠᠭᠤᠷᠬᠠᠢ᠂ ᠼᠠᠨ ᠲᠧ ᠯᠠ ᠨᠡᠭᠦᠷᠡᠰᠦᠨ ᠠᠭᠤᠷᠬᠠᠢ᠂ ᠤᠯᠠᠭᠠᠨ ᠨᠡᠭᠦᠷᠡᠰᠦᠨ ᠠᠭᠤᠷᠬᠠᠢ᠂ ᠴᠢᠩ ᠬᠤᠸᠠ ᠪᠠᠢ ᠯᠢᠩ ᠨᠡᠭᠦᠷᠡᠰᠦᠨ ᠠᠭᠤᠷᠬᠠᠢ ᠪᠣᠯᠤᠨ ᠯᠠᠨ ᠲᠠᠢ ᠪᠠᠶᠠᠨ ᠨᠡᠭᠦᠷᠡᠰᠦᠨ ᠠᠭᠤᠷᠬᠠᠢ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠪᠣᠯᠤᠨ ᠠᠭᠤᠷᠬᠠᠢ ᠶᠢᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠬᠢᠨᠠᠨ ᠵᠢᠯᠣᠭᠤᠳᠴᠤ ᠣᠶᠢᠯᠠᠭᠠᠪᠠ᠃ ᠲᠡᠷᠡ᠂ ︽ᠠᠰᠠᠭᠤᠳᠠᠯ ᠲᠠᠢ︾ ᠦᠢᠯᠡᠳᠪᠦᠷᠢᠯᠡᠯ ᠢ ᠡᠷᠡᠰ ᠰᠡᠷᠭᠡᠶᠢᠯᠡᠵᠦ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠢ ᠪᠠᠶᠢᠩᠭᠤ ᠲᠣᠭᠤᠷᠢᠨ ᠪᠠᠶᠢᠴᠠᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ︔ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠳᠤᠳᠬᠠᠵᠤ᠂ ᠢᠯᠠᠩᠭᠤᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠡᠷᠭᠢᠨ ᠰᠤᠷᠪᠤᠯᠵᠢᠯᠠᠵᠤ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠦᠨᠵᠡᠭᠡᠶ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
2.jpg
     ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠳᠤ᠂ ᠪᠠᠢ ᠬᠠᠢ ᠯᠢᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠶᠢᠨ ᠲᠠᠯᠠᠪᠠᠢ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠭᠤᠷᠬᠠᠢ ᠶᠢᠨ ᠬᠦᠷᠢᠶᠡᠨ ᠤ ᠠᠶᠣᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠪᠣᠯᠤᠨ ᠠᠰᠠᠭᠤᠳᠠᠯ ᠤᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠲᠥᠪᠯᠡᠷᠡᠭᠦᠯᠦᠨ ᠵᠠᠰᠠᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ︔ ᠬᠠᠥᠯᠢ ᠶᠣᠰᠣᠭᠠᠷ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠦᠢᠯᠡᠳᠪᠦᠷᠢᠯᠡᠯ ᠢ ᠨᠢ ᠰᠡᠷᠭᠦᠭᠡᠵᠦ᠂ ᠬᠦᠨᠳᠦ ᠶᠡᠭᠡ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠢ ᠵᠣᠭᠰᠣᠭᠠᠬᠤ ᠶᠣᠰᠣᠲᠠᠢ ᠶᠢ ᠨᠢ ᠵᠣᠭᠰᠣᠭᠠᠵᠤ᠂ ᠬᠠᠤᠯᠢ ᠲᠣᠭᠲᠠᠭᠠᠯ ᠠᠴᠠ ᠵᠥᠷᠢᠴᠡᠨ ᠨᠡᠭᠡᠭᠡᠨ ᠮᠠᠯᠲᠠᠬᠤ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ︔ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠴᠡᠪᠡᠷ ᠠᠭᠤᠷᠬᠠᠢ ᠶᠢ ᠦᠷᠭᠦᠯᠵᠢᠯᠡᠨ ᠬᠥᠭᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
3.jpg
4.jpg    
     ᠪᠤᠴᠠᠬᠤ ᠵᠠᠮ ᠳᠠᠭᠠᠨ᠂ ᠪᠠᠶ ᠬᠠᠶ ᠯᠢᠨ ᠪᠠᠰᠠ ᠠᠯᠠᠱᠠ ᠠᠭᠤᠯᠠ ᠶᠢᠨ ᠬᠠᠮᠠᠭᠠᠯᠠᠯᠲᠠ ᠶᠢᠨ ᠣᠷᠣᠨ ᠳᠤ ᠭᠦᠨᠵᠡᠭᠡᠶᠢᠷᠡᠨ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号