ᠪᠠᠶ ᠬᠠᠶ ᠯᠢᠨ ᠠᠯᠠᠱᠠ ᠠᠭᠤᠯᠠ ᠳᠠᠭᠠᠤ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/4/24
     4 ᠰᠠᠷ᠎ᠠ ᠎ ᠶᠢᠨ 23 ᠎ ᠤ ᠡᠳᠦᠷ  ᠤᠨ ᠦᠳᠡ  ᠶᠢᠨ ᠡᠮᠦᠨ᠎ᠡ ᠂ ᠠᠶᠢᠮᠠᠭ  ᠤᠨ ᠨᠠᠮ  ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠠᠭᠤᠯᠠ ᠳᠠᠭᠠᠤ ᠣᠷᠣᠨ ᠳᠤ ᠭᠦᠨᠵᠡᠭᠡᠶᠢᠷᠡᠵᠦ᠂ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃
1.jpg
2.jpg
     ᠰᠢᠨ ᠶᠢᠨ ᠶᠤᠸᠠᠨ ᠠᠭᠤᠷᠬᠠᠢ ᠶᠢᠨ ᠭᠠᠷᠤᠯᠲᠠ ᠶᠢᠨ ᠺᠣᠮᠫᠠᠨᠢ ᠪᠣᠯᠤᠨ ᠴᠠᠩ ᠹᠠᠨ ᠥᠭᠡᠬᠦᠨ ᠴᠢᠯᠠᠭᠤᠨ ᠬᠠᠶᠢᠷ ᠤᠨ ᠺᠣᠮᠫᠠᠨᠢ ᠳᠤ᠂ ᠪᠠᠢ ᠬᠠᠢ ᠯᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ᠂ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠠᠵᠤ ᠠᠬᠤᠶᠢᠯᠠᠯ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠠᠵᠢᠯᠯᠠᠭᠠᠨ ᠤ ᠬᠠᠮᠢᠶᠠᠷᠤᠯᠲᠠ ᠪᠣᠯᠤᠨ ᠲᠤᠨᠤᠭ ᠲᠥᠬᠦᠭᠡᠷᠦᠮᠵᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠴᠢᠩᠭᠠᠳᠬᠠᠵᠤ᠂ ᠴᠡᠪᠡᠷ ᠠᠭᠤᠷᠬᠠᠢ ᠶᠢ ᠲᠦᠷᠭᠡᠨ ᠪᠠᠶᠢᠭᠤᠯᠵᠤ᠂ ᠡᠬᠢ ᠪᠠᠶᠠᠯᠢᠭ ᠢ ᠥᠨᠳᠥᠷ ᠲᠦᠪᠰᠢᠨ ᠢᠶᠠᠷ ᠠᠰᠢᠭᠯᠠᠬᠤ ᠪᠠ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
3.jpg
4.jpg
     ᠠᠳᠡᠭᠦᠴᠢ ᠶᠢᠨ ᠭᠤᠣᠯ ᠬᠡᠭᠡᠷᠡᠯᠡᠬᠦ ᠬᠦᠳᠡᠯᠭᠡᠭᠡᠨ ᠤ ᠴᠡᠴᠡᠷᠯᠢᠭ ᠲᠤ᠂ ᠪᠠᠢ ᠬᠠᠢ ᠯᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠴᠡᠴᠡᠷᠯᠢᠭ ᠤᠨ ᠡᠵᠡᠩᠨᠡᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ᠂ ᠬᠡᠭᠡᠷᠡᠯᠡᠬᠦ ᠬᠦᠳᠡᠯᠭᠡᠭᠡᠨ ᠤ ᠴᠡᠴᠡᠷᠯᠢᠭ ᠤᠨ ᠰᠠᠭᠤᠷᠢ ᠲᠥᠬᠦᠭᠡᠷᠦᠮᠵᠢ ᠪᠣᠯᠤᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠬᠦ ᠳᠤ ᠬᠦᠴᠦ ᠨᠡᠮᠡᠷᠢᠯᠡᠵᠦ᠂ ᠪᠦᠬᠦ ᠠᠶᠢᠮᠠᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠶᠡᠭᠡ ᠲᠠᠯ᠎ᠠ ᠳᠤ ᠲᠦᠷᠭᠡᠨ ᠠᠭᠤᠰᠴᠤ᠂ ᠰᠣᠳᠣᠨ ᠵᠠᠮ ᠱᠤᠭᠤᠮ ᠤᠨ ᠰᠢᠨ᠎ᠡ ᠶᠢ ᠡᠭᠦᠳᠴᠦ᠂ ᠲᠠᠪᠴᠠᠩ ᠠᠴᠢᠶᠠᠯᠠᠪᠤᠷᠢ ᠶᠢ ᠪᠠᠶᠠᠯᠢᠭᠵᠢᠭᠤᠯᠵᠤ᠂ ᠵᠤᠭᠠᠴᠠᠭᠰᠠᠳ ᠤᠨ ᠣᠶᠢᠯᠠᠭᠠᠯᠲᠠ ᠶᠢ ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ ᠲᠡᠰᠵᠢᠭᠰᠡᠨ᠂ ᠵᠦᠷᠢᠶᠡᠴᠢᠯᠡᠭᠰᠡᠨ᠂ ᠣᠨᠴᠠᠯᠢᠬᠵᠢᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
5.jpg
6.jpg
     ᠮᠢᠩ ᠤᠯᠤᠰ ᠤᠨ ᠣᠷᠳᠣ ᠴᠠᠭᠠᠨ ᠬᠡᠷᠡᠮ ᠤᠨ ᠠᠯᠠᠱᠠ ᠶᠢᠨ ᠬᠡᠰᠡᠭ ᠲᠤ᠂ ᠪᠠᠶ ᠬᠠᠶ ᠯᠢᠨ ᠲᠤᠬᠠᠶ ᠶᠢᠨ ᠲᠠᠯᠠᠪᠠᠶ ᠳᠤ ᠮᠢᠩ ᠤᠯᠤᠰ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠠᠷᠢᠨ ᠠᠰᠠᠭᠤᠵᠤ᠂ ᠲᠤᠰᠬᠠᠶ ᠲᠦᠷᠦᠯ ᠤᠨ ᠪᠡᠯᠡ ᠮᠦᠩᠭᠦ ᠶᠢ ᠢᠳᠡᠪᠬᠢᠲᠡᠶ ᠲᠡᠮᠡᠴᠡᠨ ᠣᠯᠵᠤ᠂ ᠡᠳᠦᠷ ᠲᠤᠲᠤᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠨ᠂ ᠡᠯ᠎ᠡ ᠵᠦᠢᠯ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠦᠨᠡᠨᠬᠦ ᠰᠠᠶᠢᠲᠤᠷ ᠬᠠᠮᠠᠭᠠᠯᠠᠵᠤ᠂ ᠰᠠᠶᠢᠲᠤᠷ ᠬᠠᠮᠢᠶᠠᠷᠴᠤ᠂ ᠰᠠᠶᠢᠲᠤᠷ ᠠᠰᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃
7.jpg
     ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶ᠎ᠠ ᠶᠢᠨ ᠪᠠᠶᠠᠨᠬᠤᠳᠠ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠠᠯᠠᠱᠠ ᠠᠭᠤᠯᠠ ᠶᠢᠨ ᠨᠦᠬᠡᠨ ᠵᠠᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠢ ᠬᠠᠢ ᠯᠢᠨ ᠲᠦᠷᠦᠯ ᠵᠦᠢᠯ ᠤᠨ ᠪᠦᠬᠦᠯᠢ ᠴᠣᠭᠴᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠬᠢᠨᠠᠮᠠᠭᠠᠢ ᠣᠶᠢᠯᠠᠭᠠᠬᠤ ᠶᠢᠨ ᠬᠠᠮᠲᠤ ᠨᠢᠭᠡᠳᠦᠭᠡᠷ ᠹᠷᠣᠨᠲ ᠤᠨ ᠪᠦᠳᠦᠭᠡᠨ ᠪᠠᠶᠢᠭᠤᠯᠤᠯᠲᠠ ᠶᠢᠨ ᠬᠥᠮᠦᠰ ᠢ ᠲᠣᠬᠤᠨᠢᠭᠤᠯᠵᠡᠢ᠃ ᠲᠡᠷᠡ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠪᠠᠷᠢᠯᠭ᠎ᠠ ᠶᠢᠨ ᠶᠠᠰᠤ ᠴᠢᠨᠠᠷ᠂ ᠠᠬᠢᠴᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠲᠡᠷᠭᠡ ᠨᠡᠪᠲᠡᠷᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号