ᠬᠤᠸᠠᠩ ᠶᠠ ᠯᠢ ᠪᠦᠯᠬᠦᠮ ᠳᠠᠭᠠᠭᠤᠯᠤᠨ ᠱᠠᠩᠬᠠᠶ᠂ ᠬᠠᠩᠵᠧᠦ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠪᠡ
ᠨᠡᠶᠢᠲᠡᠯᠡᠭᠰᠡᠨ ᠴᠠᠭ᠄
2024/4/25
     4 ᠰᠠᠷ᠎ᠠ ᠶᠢᠨ 21᠎ ᠤ ᠡᠳᠦᠷ ᠠᠴᠠ 24᠎ ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠪᠦᠯᠬᠦᠮ ᠳᠠᠭᠠᠭᠤᠯᠤᠨ ᠱᠠᠩᠬᠠᠶ᠂ ᠬᠠᠩᠵᠧᠦ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠵᠦ᠂ ᠬᠠᠮᠢᠶ᠎ᠠ ᠪᠥᠬᠦᠶ ᠪᠠᠶᠢᠭᠤᠯᠤᠮᠵᠢ ᠪᠠ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃     ᠳᠤᠮᠳᠠᠳᠤ ᠤᠯᠤᠰ ᠤᠨ ᠡᠨᠧᠷᠭᠢ ᠬᠤᠸᠠ ᠳ᠋ᠦᠩ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠳᠤ᠂ ᠬᠤᠸᠠᠩ ᠶᠠ ᠯᠢ ᠬᠤᠸᠠ ᠳ᠋ᠦᠩ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠧᠦ ᠢ ᠲᠠᠢ ᠶᠠᠷᠢᠯᠴᠠᠪᠠ᠃ ᠬᠤᠸᠠᠩ ᠶᠠ ᠯᠢ᠂ ᠠᠯᠠᠱᠠ ᠶᠢᠨ ᠰᠠᠯᠬᠢ᠂ ᠬᠡᠷᠡᠯ᠂ ᠭᠠᠵᠠᠷ ᠡᠯᠪᠡᠭ ᠪᠠᠶᠢᠵᠤ᠂ ᠣᠳᠣᠬᠠᠨ ᠳᠤ ᠬᠦᠴᠦ ᠪᠠᠨ ᠲᠥᠪᠯᠡᠷᠡᠭᠦᠯᠦᠨ ᠪᠥᠬᠦ ᠤᠯᠤᠰ ᠤᠨ ᠴᠢᠬᠤᠯᠠ ᠳ᠋ᠦᠩᠰᠢᠭᠤᠷ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠢ ᠪᠥᠲᠥᠭᠡᠨ ᠪᠠᠶᠢᠭᠤᠯᠵᠦ ᠪᠠᠶᠢᠨ᠎ᠠ᠃ ᠰᠢᠨ᠎ᠡ ᠡᠨᠧᠷᠭᠢ ᠪᠣᠯ ᠠᠯᠠᠱᠠ ᠶᠢᠨ ᠢᠷᠡᠭᠡᠳᠦᠶ ᠶᠢᠨ ᠲᠤᠯᠭᠠᠭᠤᠷᠢ ᠠᠵᠤ ᠦᠢᠯᠡᠰ ᠪᠣᠯᠤᠨ᠎ᠠ᠃ ᠬᠤᠸᠠ ᠳ᠋ᠦᠩ ᠬᠦᠷᠢᠶᠡᠯᠡᠩ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠮᠡᠷᠭᠡᠵᠢᠯ ᠤᠨ ᠳᠠᠪᠠᠭᠤᠯᠢᠭ ᠪᠣᠯᠤᠨ ᠪᠠᠶᠠᠯᠢᠭ ᠲᠤᠷᠰᠢᠯᠭ᠎ᠠ ᠶᠢ ᠠᠰᠢᠭᠯᠠᠵᠤ᠂ ᠰᠢᠨ᠎ᠡ ᠡᠨᠧᠷᠭᠢ ᠶᠢᠨ ᠬᠦᠷᠢᠶᠡᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠵᠠᠮ ᠢ ᠬᠠᠮᠲᠤᠪᠠᠷ ᠰᠦᠪᠡᠭᠴᠢᠯᠡᠵᠦ᠂ ᠨᠢᠭᠡ ᠪᠦᠯᠦᠭ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠭᠠᠷ ᠬᠤᠯᠪᠣᠨ ᠨᠠᠶᠢᠳᠠᠪᠤᠷᠢᠵᠢᠭᠤᠯᠵᠤ᠂ ᠠᠯᠠᠱᠠ ᠶᠢᠨ ᠴᠡᠪᠡᠷ ᠴᠠᠬᠢᠯᠭᠠᠨ ᠤ ᠪᠠᠭᠲᠠᠭᠠᠨ ᠰᠢᠩᠭᠡᠭᠡᠬᠦ ᠴᠢᠳᠠᠪᠤᠷᠢ ᠪᠣᠯᠤᠨ ᠴᠡᠪᠡᠷ ᠡᠨᠧᠷᠭᠢ ᠶᠢᠨ ᠣᠷᠣᠯᠠᠬᠤ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠠᠯᠠᠱᠠ ᠶᠢᠨ ᠥᠷᠭᠡᠨ ᠠᠭᠤᠳᠠᠮ ᠰᠢᠨ᠎ᠡ ᠡᠨᠧᠷᠭᠢ ᠶᠢᠨ ᠵᠠᠬ᠎ᠠ ᠳᠡᠯᠭᠡᠭᠦᠷ ᠤᠨ ᠣᠷᠣᠨ ᠵᠠᠢ ᠶᠢ ᠬᠠᠮᠲᠤᠪᠠᠷ ᠬᠤᠪᠢᠶᠠᠯᠴᠠᠬᠤ ᠶᠢ ᠬᠦᠰᠡᠵᠦ ᠪᠠᠶᠢᠨ᠎ᠠ ᠭᠡᠪᠡ᠃
1.jpg
     ᠱᠠᠩᠬᠠᠢ ᠶᠢᠨ ᠰᠢᠵᠢᠷ ᠠᠯᠲᠠ ᠶᠢᠨ ᠠᠷᠠᠯᠵᠢᠶᠠᠨ ᠤ ᠭᠠᠵᠠᠷ ᠪᠣᠯᠤᠨ ᠱᠠᠩᠬᠠᠢ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠲᠤ᠂ ᠬᠤᠸᠠᠩ ᠶᠠ ᠯᠢ ᠱᠠᠩᠬᠠᠢ ᠶᠢᠨ ᠰᠢᠵᠢᠷ ᠠᠯᠲᠠ ᠶᠢᠨ ᠠᠷᠠᠯᠵᠢᠶᠠᠨ ᠤ ᠭᠠᠵᠠᠷ ᠤᠨ ᠨᠠᠮ ᠤᠨ ᠬᠤᠷᠢᠶᠠᠨ ᠤ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠢᠦᠢ ᠸᠧᠨ ᠵᠢᠶᠠᠨ᠂ ᠱᠠᠩᠬᠠᠢ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠸᠠᠩ ᠹᠧᠩ ᠬᠠᠢ ᠲᠠᠢ ᠶᠠᠷᠢᠯᠴᠠᠪᠠ᠃ ᠬᠤᠸᠠᠩ ᠶᠠ ᠯᠢ᠂ ᠠᠯᠠᠱᠠ ᠶᠢᠨ ᠠᠯᠲᠠᠨ ᠤ ᠬᠠᠳᠠᠭᠠᠯᠠᠭᠳᠠᠴᠠ ᠨᠡᠯᠢᠶᠡᠳ ᠶᠡᠭᠡ᠂ ᠶᠠᠰᠤ ᠴᠢᠨᠠᠷ ᠰᠠᠶᠢᠨ ᠶᠣᠮ᠃ ᠬᠤᠶᠠᠷ ᠪᠠᠶᠢᠭᠤᠯᠤᠮᠵᠢ ᠶᠢᠨ ᠬᠦᠴᠦᠲᠡᠶ ᠳᠡᠮᠵᠢᠯᠭᠡ ᠶᠢ ᠣᠯᠵᠤ᠂ ᠠᠯᠠᠱᠠ ᠶᠢᠨ ᠳᠠᠩᠰᠠᠯᠠᠭᠤᠯᠤᠭᠰᠠᠨ ᠬᠤᠭᠤᠴᠠᠭᠠᠲᠤ ᠪᠠᠷᠠᠭ᠎ᠠ ᠶᠢᠨ ᠠᠷᠠᠯᠵᠢᠶᠠᠨ ᠤ ᠲᠥᠷᠥᠯ ᠲᠡᠮᠳᠡᠭ ᠢ ᠲᠤᠰᠢᠶᠠᠨ ᠪᠦᠷᠢᠳᠬᠡᠵᠦ᠂ ᠠᠷᠠᠯᠵᠢᠶᠠᠨ ᠤ ᠭᠠᠵᠠᠷ ᠤᠨ ᠭᠡᠰᠢᠭᠦᠨ ᠪᠣᠯᠬᠤ ᠶᠢ ᠵᠢᠯᠣᠭᠤᠳᠤᠨ ᠬᠠᠪᠰᠤᠷᠴᠤ᠂ ᠰᠢᠵᠢᠷ ᠠᠯᠲᠠᠨ ᠤ ᠬᠤᠭᠤᠴᠠᠭᠠᠲᠤ ᠪᠠᠷᠠᠭ᠎ᠠ ᠶᠢᠨ ᠪᠣᠳᠠᠲᠤ ᠶᠠᠭᠤᠮ᠎ᠠ ᠪᠠᠷ ᠲᠠᠰᠤᠯᠤᠨ ᠪᠣᠳᠣᠬᠤ ᠶᠢ ᠪᠡᠶᠡᠯᠡᠭᠦᠯᠵᠦ᠂ ᠠᠯᠠᠱᠠ ᠶᠢᠨ ᠰᠢᠵᠢᠷ ᠠᠯᠲᠠᠨ ᠤ ᠠᠵᠤ ᠦᠢᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠶᠢᠨ ᠬᠠᠮᠲᠤ ᠠᠷᠠᠯᠵᠢᠶᠠᠨ ᠤ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠨᠠᠩ ᠣᠯᠠᠨ ᠬᠥᠲᠥᠴᠢ ᠠᠵᠤ ᠠᠬᠤᠶᠢᠯᠠᠯ ᠢ ᠠᠯᠠᠱᠠ ᠳᠤ ᠣᠷᠢᠵᠦ ᠪᠠᠯᠠ ᠣᠷᠣᠭᠤᠯᠤᠨ ᠬᠥᠭᠵᠢᠭᠦᠯᠬᠦ ᠶᠢ ᠬᠦᠰᠡᠵᠦ ᠪᠠᠶᠢᠨ᠎ᠠ ᠭᠡᠪᠡ᠃
2.jpg
     ᠬᠠᠩᠵᠧᠦ ᠶᠢᠨ ᠶᠢᠨ ᠵᠢᠶᠠᠩ ᠪᠦᠯᠦᠭᠯᠡᠯ ᠳᠤ᠂ ᠬᠤᠸᠠᠩ ᠶᠠ ᠯᠢ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠳ᠋ᠧᠦ ᠵᠧᠩ ᠭᠠᠩ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠤᠬᠠᠢ ᠵᠥᠪᠳᠡᠯᠴᠡᠪᠡ᠃ ᠬᠤᠸᠠᠩ ᠶᠠ ᠯᠢ᠂ ᠬᠠᠩᠵᠧᠦ ᠶᠢᠨ ᠶᠢᠨ ᠵᠢᠶᠠᠩ ᠪᠦᠯᠦᠭᠯᠡᠯ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠥᠷᠭᠡᠨ᠂ ᠮᠡᠷᠭᠡᠵᠢᠯ ᠳᠠᠪᠰᠢᠩᠭᠤᠢ᠂ ᠡᠵᠡᠩᠨᠡᠵᠦ ᠪᠠᠶᠢᠭ᠎ᠠ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠪᠣᠯᠤᠨ ᠰᠢᠨ᠎ᠡ ᠮᠠᠲ᠋ᠧᠷᠢᠶᠠᠯ ᠵᠡᠷᠭᠡ ᠨᠢ ᠠᠯᠠᠱᠠ ᠶᠢᠨ ᠬᠥᠭᠵᠢᠯᠲᠡ ᠶᠢᠨ ᠲᠥᠯᠥᠪᠵᠢᠭᠦᠯᠭᠡ ᠲᠠᠢ ᠮᠠᠰᠢ ᠨᠡᠶᠢᠴᠡᠵᠦ ᠪᠠᠶᠢᠨ᠎ᠠ᠂ ᠬᠠᠩᠵᠧᠦ ᠶᠢᠨ ᠶᠢᠨ ᠵᠢᠶᠠᠩ ᠪᠦᠯᠦᠭᠯᠡᠯ ᠲᠠᠢ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠠᠯᠠᠱᠠ ᠶᠢᠨ ᠭᠠᠵᠠᠷ ᠰᠢᠷᠣᠢ ᠶᠢᠨ ᠳᠠᠪᠠᠭᠤᠯᠢᠭ᠂ ᠴᠡᠪᠡᠷ ᠴᠠᠬᠢᠯᠭᠠᠨ ᠤ ᠳᠠᠪᠠᠭᠤᠯᠢᠭ᠂ ᠥᠪᠡᠷ ᠤᠨ ᠦᠷᠳᠡᠭ ᠤᠨ ᠳᠠᠪᠠᠭᠤᠯᠢᠭ ᠪᠣᠯᠤᠨ ᠠᠵᠤ ᠠᠬᠤᠶᠢᠯᠠᠯ ᠤᠨ ᠠᠵᠤ ᠦᠢᠯᠡᠰ ᠤᠨ ᠳᠠᠪᠠᠭᠤᠯᠢᠭ ᠢ ᠭᠦᠨᠵᠡᠭᠡᠢ ᠠᠭᠤᠰᠤᠯᠴᠠᠭᠤᠯᠵᠤ᠂ ᠴᠡᠪᠡᠷ ᠡᠨᠧᠷᠭᠢ ᠶᠢᠨ ᠬᠡᠷᠡᠭᠯᠡᠯᠲᠡ᠂ ᠬᠦᠩᠭᠡᠨ ᠴᠠᠭᠠᠨ ᠤ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠬᠢ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠢᠯᠡᠷᠡᠬᠦᠯᠵᠦ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠲᠦᠷᠭᠡᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
3.jpg
    ᠶᠦᠨ ᠳ᠋ᠠ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠬᠤᠸᠠᠩ ᠶᠠ ᠯᠢ ᠵᠢᠢ ᠯᠢ ᠬᠤᠪᠢ ᠡᠵᠡᠮᠳᠡᠭᠰᠡᠨ ᠪᠦᠯᠦᠭᠯᠡᠯ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠣᠯ ᠢᠦᠢ ᠰᠢᠤᠸᠠᠢ ᠯᠢᠶᠠᠩ᠂ ᠶᠦᠨ ᠳ᠋ᠠ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠭᠤᠤ ᠯᠢᠩ ᠲᠠᠢ ᠶᠠᠷᠢᠯᠴᠠᠪᠠ᠃ ᠬᠤᠸᠠᠩ ᠶᠠ ᠯᠢ᠂ ᠡᠮᠦᠨᠡᠬᠢ ᠬᠤᠭᠤᠴᠠᠭᠠᠨ ᠤ ᠬᠠᠮᠲᠤᠷᠠᠯᠴᠠᠭ᠎ᠠ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠪᠠᠶᠢᠵᠤ᠂ ᠡᠯ᠎ᠡ ᠵᠦᠢᠯ ᠤᠨ ᠠᠵᠢᠯ ᠴᠥᠮ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠣᠳᠣᠬᠠᠨ ᠳᠤ ᠪᠠᠰᠠ ᠠᠯᠬᠤᠮ ᠢᠶᠠᠨ ᠲᠦᠷᠭᠡᠳᠬᠡᠵᠦ᠂ ᠰᠢᠨ᠎ᠡ ᠶᠢ ᠡᠭᠦᠳᠬᠦ ᠰᠡᠳᠬᠢᠬᠦᠶ ᠪᠠ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ ᠠᠰᠢᠭᠲᠠᠢ ᠨᠥᠬᠦᠴᠡᠯ ᠢ ᠭᠦᠢᠴᠡᠳ ᠰᠠᠶᠢᠲᠤᠷ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠥᠪᠡᠷ ᠤᠨ ᠦᠷᠳᠡᠭ ᠢ ᠪᠠᠭᠤᠷᠠᠭᠤᠯᠵᠤ᠂ ᠭᠦᠢᠴᠡᠳᠬᠡᠬᠦ ᠲᠤᠭ᠎ᠠ ᠶᠢ ᠴᠢᠷᠮᠠᠶᠢᠨ ᠣᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠧᠲ᠋ᠢᠯ ᠠᠯᠺᠣᠤᠯ ᠦᠢᠯᠡᠳᠬᠦ ᠪᠠ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠮᠲᠤᠷᠠᠯᠴᠠᠭᠠᠨ ᠤ ᠵᠦᠢᠯᠡᠰ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠴᠢᠬᠤᠯᠠᠳᠠᠢ ᠪᠠᠶᠢᠨ᠎ᠠ ᠬᠡᠪᠡ᠃
4.jpg
     ᠡᠯ᠎ᠡ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠯᠠᠱᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠯᠠᠱᠠ ᠶᠢᠨ ᠡᠬᠢ ᠪᠠᠶᠠᠯᠢᠭ ᠤᠨ ᠳᠠᠪᠠᠭᠤᠯᠢᠭ ᠲᠣᠪᠤᠶᠢᠮ᠎ᠠ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠳᠠᠪᠠᠭᠤᠯᠢᠭ ᠪᠠᠶᠢᠵᠦ᠂ ᠣᠳᠣᠬᠠᠨ ᠤ ᠠᠵᠠ ᠲᠣᠬᠢᠶᠠᠯ ᠢ ᠠᠮᠵᠢᠨ᠂ ᠬᠠᠮᠲᠤᠷᠠᠯᠴᠠᠭᠠᠨ ᠤ ᠳᠠᠯᠳᠠ ᠬᠦᠴᠦᠨ ᠢ ᠢᠯᠡᠷᠡᠬᠦᠯᠵᠦ᠂ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠨ᠂ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠨᠡᠩ ᠥᠷᠭᠡᠨ ᠬᠦᠷᠢᠶ᠎ᠡ᠂ ᠨᠡᠩ  ᠬᠦᠨᠵᠡᠭᠡᠢ ᠬᠠᠮᠳᠣᠷᠠᠯᠴᠠᠬᠤ ᠪᠠᠷ ᠴᠢᠷᠮᠠᠶᠢᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃     ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠮᠠ ᠪᠦᠦ ᠭᠦᠸᠧ ᠱᠠᠩᠬᠠᠢ ᠶᠢᠨ ᠠᠯᠲᠠᠨ ᠤ ᠠᠷᠠᠯᠵᠢᠶᠠᠨ ᠤ ᠭᠠᠵᠠᠷ ᠪᠠ ᠱᠠᠩᠬᠠᠢ ᠶᠢᠨ ᠬᠤᠭᠤᠴᠠᠭᠠᠲᠤ ᠪᠠᠷᠠᠭᠠᠨ ᠤ ᠠᠷᠠᠯᠵᠢᠶᠠᠨ ᠤ ᠭᠠᠵᠠᠷ ᠲᠠᠢ ᠶᠠᠷᠢᠯᠴᠠᠬᠤ ᠳᠤ ᠣᠷᠣᠯᠴᠠᠵᠤ᠂ ᠠᠶᠢᠮᠠᠭ ᠤᠨ ᠤᠳᠤᠷᠢᠳᠤᠯᠭ᠎ᠠ ᠸᠧᠢ ᡁᠢ ᠭᠦᠸᠧ᠂ ᠪᠦᠦ ᠶᠧ ᠣᠷᠣᠯᠴᠠᠵᠠᠢ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号