10 ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠨᠡᠶᠢᠲᠡᠯᠡᠵᠦ ᠬᠢᠯᠢ ᠶᠢᠨ ᠭᠠᠳᠠᠨᠠᠬᠢ ᠪᠠᠶᠢᠭᠤᠯᠤᠮᠵᠢ ᠠᠴᠠ ᠬᠢᠯᠢ ᠶᠢᠨ ᠳᠣᠲᠣᠷᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠳᠤ ᠪᠡᠯᠡ ᠣᠷᠣᠭᠤᠯᠬᠤ ᠶᠢ ᠴᠢᠨᠠᠭᠰᠢᠳᠠ ᠳᠡᠮᠵᠢᠪᠡ
ᠨᠡᠶᠢᠲᠡᠯᠡᠭᠰᠡᠨ ᠴᠠᠭ᠄
2024/4/25
    ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 10 ᠰᠠᠯᠠᠭ᠎ᠠ ᠮᠥᠴᠢᠷ ᠣᠶᠢᠷ᠎ᠠ ᠳᠤ ᠬᠠᠮᠲᠤᠷᠠᠨ ᠲᠤᠭᠳᠠᠭᠠᠭᠰᠠᠨ ︽ᠬᠢᠯᠢ ᠶᠢᠨ ᠭᠠᠳᠠᠨᠠᠬᠢ ᠪᠠᠶᠢᠭᠤᠯᠤᠮᠵᠢ ᠠᠴᠠ ᠬᠢᠯᠢ ᠶᠢᠨ ᠳᠣᠲᠣᠷᠠᠬᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠪᠠᠯᠠ ᠣᠷᠣᠭᠤᠯᠬᠤ ᠶᠢ ᠴᠢᠨᠠᠭᠰᠢᠳᠠ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ 19 ᠤ ᠡᠳᠦᠷ ᠨᠡᠶᠢᠲᠡᠯᠡᠪᠡ᠃    ᠬᠤᠳᠠᠯᠳᠤᠭᠠᠨ ᠤ ᠶᠠᠪᠤᠳᠠᠯ ᠤᠨ ᠶᠠᠮᠤᠨ ᠤ ᠡᠳ᠋ ᠤᠨ ᠶᠠᠪᠤᠳᠠᠯ ᠤᠨ ᠵᠤᠷᠭᠠᠨ ᠤ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠥᠷᠭᠡᠨ ᠠᠭᠤᠳᠠᠮ ᠬᠥᠭᠵᠢᠯᠲᠡ ᠶᠢᠨ ᠠᠵᠠ ᠲᠣᠬᠢᠶᠠᠯ ᠲᠤᠬᠢᠶᠠᠵᠤ᠂ ᠨᠡᠩ ᠶᠡᠭᠡ ᠡᠷᠴᠢᠮ ᠲᠠᠢ᠂ ᠨᠡᠩ ᠤᠯᠠᠨ ᠲᠡᠰ ᠳᠠᠪᠬᠤᠷᠭ᠎ᠠ ᠲᠠᠢ᠂ ᠨᠡᠩ ᠥᠷᠭᠡᠨ ᠠᠷᠭ᠎ᠠ ᠵᠠᠮ ᠢᠶᠠᠷ ᠪᠡᠯᠡ ᠬᠤᠷᠠᠮᠳᠤᠭᠤᠯᠬᠤ ᠱᠠᠭᠠᠷᠳᠠᠯᠭ᠎ᠠ ᠴᠤ ᠤᠯᠠᠮ ᠴᠢᠨᠠᠭᠰᠢᠳᠠ ᠳᠡᠭᠡᠭᠰᠢᠯᠡᠪᠡ᠃ ᠡᠨᠡ ᠬᠦ ᠠᠬᠤᠶ ᠪᠠᠶᠢᠳᠠᠯ ᠳᠤᠤᠷ᠎ᠠ᠂ ᠬᠤᠳᠠᠯᠳᠤᠭᠠᠨ ᠤ ᠶᠠᠪᠤᠳᠠᠯ ᠤᠨ ᠶᠠᠮᠤᠨ ᠬᠤᠯᠪᠤᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠰᠡᠳᠦᠪᠲᠦ ᠰᠤᠳᠤᠯᠭᠠᠨ ᠪᠠ ᠪᠠᠶᠢᠴᠠᠭᠠᠨ ᠰᠤᠳᠤᠯᠤᠯᠲᠠ ᠬᠢᠵᠦ᠂ ᠠᠵᠢᠯ ᠲᠥᠷᠥᠯ ᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠳᠤᠷᠠᠳᠴᠤ᠂ ᠡᠳᠦᠶ ᠲᠡᠳᠦᠶ ᠠᠷᠭ᠎ᠠ ᠬᠡᠮᠵᠢᠶ᠎ᠡ ᠶᠢ ᠪᠦᠷᠢᠯᠳᠦᠭᠦᠯᠵᠡᠶ ᠭᠡᠵᠤ ᠢᠯᠡᠳᠭᠡᠪᠡ᠃    ᠠᠷᠭ᠎ᠠ ᠬᠡᠮᠵᠢᠶ᠎ᠡ ᠨᠦᠭᠦᠳ ᠨᠢ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠪᠠ ᠬᠢᠯᠢ ᠶᠢᠨ ᠳᠣᠲᠣᠷᠠᠬᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ᠂ ᠪᠠᠯᠠ ᠬᠤᠷᠠᠮᠳᠤᠭᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ᠂ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ᠂ ᠤᠬᠤᠷᠢᠨ ᠭᠠᠷᠬᠤ ᠲᠣᠭᠲᠡᠴᠡ ᠶᠢ ᠲᠡᠭᠦᠯᠳᠡᠷᠵᠢᠭᠦᠯᠬᠦ ᠵᠡᠷᠭᠡ 4 ᠲᠠᠯ᠎ᠠ ᠶᠢᠨ 16 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠪᠠ᠃    ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ᠂ ᠠᠷᠭ᠎ᠠ ᠬᠡᠮᠵᠢᠶ᠎ᠡ ᠨᠦᠭᠦᠳ ᠲᠤ᠂ ᠬᠢᠷᠢ ᠲᠡᠩᠴᠡᠭᠰᠡᠨ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠪᠠᠯᠠ ᠣᠷᠣᠭᠤᠯᠤᠭᠴᠢ ︵QFII︶ ᠵᠢᠴᠢ ᠠᠷᠠᠳ ᠤᠨ ᠵᠣᠭᠤᠰ ᠤᠨ ᠬᠢᠷᠢ ᠲᠡᠩᠴᠡᠭᠰᠡᠨ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠪᠠᠯᠠ ᠣᠷᠣᠭᠤᠯᠤᠭᠴᠢ ︵RQFII︶ ᠶᠢᠨ ᠬᠢᠷᠢ ᠬᠡᠮ ᠤᠨ ᠭᠤᠶᠤᠴᠢᠯᠠᠯ ᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠠᠷ ᠬᠢᠨᠠᠨ ᠵᠥᠪᠰᠢᠶᠡᠷᠡᠨ᠎ᠡ︔ ᠬᠢᠯᠢ ᠶᠢᠨ ᠭᠠᠳᠠᠨᠠᠬᠢ ᠪᠠᠶᠢᠭᠤᠯᠤᠮᠵᠢ ᠬᠢᠷᠢ ᠲᠡᠩᠴᠡᠭᠰᠡᠨ ᠬᠢᠯᠢ ᠶᠢᠨ ᠭᠠᠳᠠᠨᠠᠬᠢ ᠬᠢᠵᠠᠭᠠᠷᠲᠤ ᠬᠤᠷᠰᠢᠬᠴᠢ ︵QFLP︶ ᠶᠢᠨ ᠠᠷᠭ᠎ᠠ ᠮᠠᠶ᠋ᠢᠭ ᠢᠶᠠᠷ ᠳᠠᠮᠵᠢᠨ ᠬᠢᠯᠢ ᠶᠢᠨ ᠳᠣᠲᠣᠷᠠᠬᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠪᠡᠯᠡ ᠣᠷᠣᠭᠤᠯᠬᠤ ᠶᠢ ᠳᠡᠮᠵᠢᠨ᠎ᠡ︔ ᠬᠢᠯᠢ ᠶᠢᠨ ᠭᠠᠳᠠᠨᠠᠬᠢ ᠪᠠᠶᠢᠭᠤᠯᠤᠮᠵᠢ ᠬᠢᠯᠢ ᠶᠢᠨ ᠳᠣᠲᠣᠷ᠎ᠠ ᠦᠢᠯᠡᠰ ᠪᠤᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ︵ᠠᠵᠤ ᠠᠬᠤᠶᠢᠯᠠᠯ︶ ᠪᠠᠶᠢᠭᠤᠯᠬᠤ ᠳᠤ᠂ ᠳᠣᠲᠣᠭᠠᠳᠤ ᠪᠡᠯᠡ ᠶᠢᠨ ᠦᠢᠯᠡᠰ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ︵ᠠᠵᠤ ᠠᠬᠤᠶᠢᠯᠠᠯ︶ ᠯᠦᠭᠡ ᠠᠳᠠᠯᠢ ᠣᠯᠭᠤᠮᠵᠢ ᠬᠦᠷᠲᠡᠭᠡᠨ᠎ᠡ ᠭᠡᠵᠤ ᠳᠤᠷᠠᠳᠴᠠᠢ᠃ᠪᠠᠯᠠ ᠬᠤᠷᠠᠮᠳᠤᠭᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠲᠠᠯ᠎ᠠ ᠪᠠᠷ᠂ ᠠᠷᠭ᠎ᠠ ᠬᠡᠮᠵᠢᠶ᠎ᠡ ᠨᠦᠭᠦᠳ ᠲᠤ᠂ ᠨᠥᠬᠦᠴᠡᠯ ᠳᠤ ᠨᠡᠶᠢᠴᠡᠬᠦ ᠬᠢᠯᠢ ᠶᠢᠨ ᠭᠠᠳᠠᠨᠠᠬᠢ ᠪᠠᠶᠢᠭᠤᠯᠤᠮᠵᠢ ᠳ᠋ᠤᠮᠳᠠᠳᠤ ᠤᠯᠤᠰ ᠲᠤ ᠠᠷᠠᠳ ᠤᠨ ᠵᠣᠭᠤᠰ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢᠨ ᠬᠠᠮᠲᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠷᠢᠶᠡᠨ ᠳᠤ ᠣᠷᠣᠭᠤᠯᠬᠤ ᠶᠢ ᠳᠡᠮᠵᠢᠨ᠎ᠠ︔ ᠪᠦᠬᠦ ᠤᠯᠤᠰ ᠲᠤ ᠬᠢᠯᠢ ᠠᠯᠤᠰᠯᠠᠭᠰᠠᠨ ᠪᠡᠯᠡ ᠬᠤᠷᠠᠮᠳᠤᠭᠤᠯᠭ᠎ᠠ ᠶᠢ ᠳᠥᠭᠦᠮᠴᠢᠯᠡᠬᠦ ᠲᠤᠷᠰᠢᠯᠲᠠ ᠶᠢᠨ ᠴᠡᠭ ᠢ ᠳᠡᠯᠭᠡᠷᠡᠭᠦᠯᠵᠦ᠂ ᠠᠩᠬ᠎ᠠ ᠪᠠᠶᠢᠭᠤᠯᠤᠭᠰᠠᠨ ᠬᠤᠭᠤᠴᠠᠭᠠᠨ ᠳᠠᠭᠠᠨ ᠪᠠᠶᠢᠭ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠤᠷᠰᠢᠯᠲᠠ ᠶᠢᠨ ᠴᠡᠭ ᠤᠨ ᠭᠤᠤᠯ ᠴᠣᠭᠴᠠ ᠶᠢᠨ ᠬᠡᠪᠴᠢᠶᠡᠨ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠨᠢ ᠲᠤᠭ᠎ᠠ ᠬᠡᠮᠵᠢᠶᠡᠨ ᠤ ᠳᠣᠲᠣᠷ᠎ᠠ ᠪᠠᠨ ᠭᠠᠳᠠᠭᠠᠳᠤ ᠵᠢᠭᠡᠯᠡᠯᠭᠡ ᠶᠢ ᠡᠵᠡᠨ ᠮᠡᠳᠡᠨ ᠵᠢᠭᠡᠯᠡᠵᠦ ᠬᠡᠷᠡᠭᠯᠡᠬᠦ ᠶᠢ ᠵᠣᠷᠢᠭᠵᠢᠭᠤᠯᠤᠨ᠎ᠠ︔ ᠬᠢᠯᠢ ᠶᠢᠨ ᠳᠣᠲᠣᠷᠠᠬᠢ ᠪᠠᠩᠬᠢ ᠬᠢᠭᠡᠳ ᠬᠢᠯᠢ  ᠶᠢᠨ ᠭᠠᠳᠠᠨᠠᠬᠢ ᠪᠠᠶᠢᠭᠤᠯᠤᠮᠵᠢ  ᠶᠢᠨ ᠬᠠᠮᠲᠤᠷᠠᠯᠴᠠᠭ᠎ᠠ  ᠪᠠᠨ ᠴᠢᠩᠭᠠᠳᠬᠠᠬᠤ ᠶᠢ ᠳᠡᠮᠵᠢᠵᠦ᠂ ︽ᠵᠢᠭᠡᠯᠡᠯᠭᠡ + ᠭᠠᠳᠠᠨ᠎ᠠ ᠠᠴᠠ ᠰᠢᠭᠤᠳ ᠪᠡᠯᠡ ᠣᠷᠣᠭᠤᠯᠬᠤ︾ ᠵᠡᠷᠭᠡ ᠲᠤᠬᠠᠶᠢᠯᠠᠭᠰᠠᠨ ᠠᠵᠢᠯ  ᠤᠨ ᠵᠠᠭᠪᠤᠷ  ᠢ ᠵᠢᠷᠤᠮᠵᠢᠭᠤᠯᠤᠨ ᠰᠦᠪᠡᠭᠴᠢᠯᠡᠨ᠎ᠡ ᠭᠡᠵᠤ ᠳᠤᠷᠠᠳᠴᠠᠢ᠃    ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠲᠠᠯ᠎ᠠ ᠪᠠᠷ᠂ ᠠᠷᠭ᠎ᠠ ᠬᠡᠮᠵᠢᠶ᠎ᠡ ᠨᠦᠭᠦᠳ ᠲᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠠᠮᠢᠳᠤ ᠪᠣᠳᠠᠰ ᠤᠨ ᠮᠡᠷᠭᠡᠵᠢᠯ᠂ ᠰᠢᠨ᠎ᠡ ᠡᠨᠧᠷᠭᠢ ᠪᠠ ᠢᠷᠡᠭᠡᠳᠦᠶ ᠶᠢᠨ ᠡᠨᠧᠷᠭᠢ᠂ ᠠᠵᠤ ᠦᠢᠯᠡᠳᠪᠦᠷᠢ ᠶᠢᠨ ᠰᠠᠭᠤᠷᠢ ᠮᠠᠰᠢᠨ᠂ ᠠᠭᠠᠷ ᠤᠨ ᠠᠶᠠᠯᠠᠯ ᠵᠢᠴᠢ ᠰᠠᠨᠰᠠᠷ ᠤᠨ ᠠᠶᠠᠯᠠᠯ ᠤᠨ ᠲᠣᠨᠣᠭᠯᠠᠯ᠂ ᠴᠠᠬᠢᠯᠭᠠᠨ ᠬᠦᠴᠦᠨ ᠤ ᠲᠣᠨᠣᠭᠯᠠᠯ᠂ ᠰᠢᠨ᠎ᠡ ᠮᠠᠲ᠋ᠧᠷᠢᠶᠠᠯ᠂ ᠭᠤᠤᠯᠯᠠᠬᠤ ᠰᠠᠭᠤᠷᠢ ᠰᠡᠯᠪᠢᠭ ᠲᠣᠨᠤᠭ ᠪᠠ ᠬᠡᠮᠵᠢᠭᠦᠷᠯᠢᠭ ᠵᠡᠷᠭᠡ ᠬᠦᠷᠢᠶ᠎ᠡ ᠪᠠ ᠴᠢᠭᠯᠡᠯ ᠳᠤ ᠬᠠᠨᠳᠤᠭᠤᠯᠤᠨ᠂ ᠡᠬᠡ ᠰᠠᠭᠤᠷᠢ ᠮᠥᠩᠭᠦ ᠪᠤᠶᠤ ᠲᠤᠰᠬᠠᠶᠢᠵᠢᠭᠰᠠᠨ ᠬᠤᠪᠢᠶᠠᠷᠢ ᠰᠠᠭᠤᠷᠢ ᠮᠥᠩᠭᠦ ᠪᠠᠶᠢᠭᠤᠯᠤᠨ᠎ᠠ︔ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠪᠡᠯᠡ ᠣᠷᠣᠭᠤᠯᠤᠯᠲᠠ ᠶᠢ ᠣᠯᠤᠭᠰᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠤᠯᠤᠰ ᠤᠨ ᠠᠵᠤ ᠦᠢᠯᠡᠰ ᠤᠨ ᠬᠡᠯᠬᠢᠶ᠎ᠡ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠳᠡᠮᠵᠢᠨ᠎ᠠ ᠭᠡᠵᠤ ᠳᠤᠷᠠᠳᠴᠠᠢ᠃    ᠤᠬᠤᠷᠢᠨ ᠭᠠᠷᠬᠤ ᠲᠣᠭᠲᠡᠴᠡ ᠶᠢ ᠲᠡᠭᠦᠯᠳᠡᠷᠵᠢᠭᠦᠯᠬᠦ ᠲᠠᠯ᠎ᠠ ᠪᠠᠷ᠂ ᠠᠷᠭ᠎ᠠ ᠬᠡᠮᠵᠢᠶ᠎ᠡ ᠨᠦᠭᠦᠳ ᠲᠤ᠂ ᠨᠥᠬᠦᠴᠡᠯ ᠳᠤ ᠨᠡᠶᠢᠴᠡᠬᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠵᠠᠬ᠎ᠠ ᠳᠡᠯᠭᠡᠭᠦᠷ ᠲᠤ ᠭᠠᠷᠴᠤ ᠳᠠᠩᠰᠠᠯᠠᠭᠤᠯᠬᠤ ᠶᠢ ᠬᠠᠤᠯᠢ ᠲᠣᠭᠲᠠᠭᠠᠯ ᠶᠣᠰᠣᠭᠠᠷ ᠲᠦᠷᠭᠡᠳᠭᠡᠨ᠎ᠡ︔ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠰᠢᠶᠠᠩᠭᠠᠩ ᠳᠤ ᠣᠴᠢᠵᠤ ᠵᠠᠬ᠎ᠠ ᠳᠡᠯᠭᠡᠭᠦᠷ ᠲᠤ ᠭᠠᠷᠬᠤ ᠶᠢ ᠲᠡᠮᠵᠢᠨ᠎ᠠ︔ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠬᠤᠪᠢ ᠣᠷᠣᠭᠤᠯᠤᠯᠲᠠ᠂ ᠬᠠᠨᠳᠤᠯᠭ᠎ᠠ ᠲᠠᠢ ᠰᠢᠯᠵᠢᠭᠦᠯᠵᠦ ᠪᠣᠯᠬᠤ ᠵᠢᠭᠡᠯᠡᠯᠭᠡ ᠵᠡᠷᠭᠡ ᠣᠯᠠᠨ ᠵᠦᠢᠯ ᠤᠨ ᠲᠣᠭᠠᠴᠠᠭ᠎ᠠ ᠬᠢᠬᠦ ᠪᠠᠭᠠᠵᠢ ᠶᠢ ᠶᠡᠷᠦᠩᠬᠡᠶᠢᠯᠡᠨ ᠬᠡᠷᠡᠭᠯᠡᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠨᠡᠶᠢᠯᠡᠭᠦᠯᠦᠨ ᠬᠤᠳᠠᠯᠳᠤᠨ ᠠᠪᠬᠤ ᠶᠢ ᠳᠡᠮᠵᠢᠨ᠎ᠠ︔ ︽ᠭᠠᠳᠠᠭᠠᠳᠤ ᠶᠢᠨ ᠪᠡᠯᠡ ᠣᠷᠣᠭᠤᠯᠤᠭᠴᠢᠳ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠲᠤᠬᠠᠢ ᠪᠠᠶᠢᠯᠳᠤᠬᠤ ᠪᠤᠳᠤᠯᠭ᠎ᠠ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ᠂ ᠪᠡᠯᠡ ᠣᠷᠣᠭᠤᠯᠬᠤ ᠨᠥᠬᠦᠴᠡᠯ ᠢ ᠴᠢᠨᠠᠭᠰᠢᠳᠠ ᠠᠭᠤᠵᠢᠭᠤ ᠪᠣᠯᠭᠠᠨ᠎ᠠ ᠭᠡᠵᠤ ᠳᠤᠷᠠᠳᠴᠠᠢ︔
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号