ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠠᠯᠠᠱᠠ ᠠᠶᠢᠮᠠᠭ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠠᠯᠠᠱᠠ ᠠᠶᠢᠮᠠᠭ ᠤᠨ ᠳᠠᠷᠤᠮᠠᠯᠯᠠᠨ ᠲᠠᠷᠬᠠᠭᠠᠭᠰᠠᠨ ︽ | ᠠᠯᠠᠱᠠ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠪᠣᠯ ᠠᠶᠢᠮᠠᠭ ᠤᠨ | ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠮᠢ ᠠᠬᠤᠶ ᠣᠷᠴᠢᠨ ᠲᠣᠭᠤᠷᠢᠨ ᠤ ᠲᠢᠩᠬᠢᠮ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠳᠠᠪᠬᠤᠷ | ᠬᠠᠮᠢᠶᠠᠷᠤᠯᠲᠠ ᠶᠢ ᠬᠦᠯᠢᠶᠡᠨ᠎ᠡ᠃ | ᠭᠤᠷᠪᠠᠳᠤᠭᠠᠷ ᠵᠦᠢᠯ ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠨᠢ ᠨᠠᠮ ᠤᠨ | ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠠᠯᠠᠱᠠ | ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ | ᠳᠣᠣᠱᠯᠠᠭᠤᠯᠣᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠨᠠᠮ ᠤᠨ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠨ ᠲᠦᠷᠢᠮ ᠢ ᠳᠣᠣᠱᠯᠠᠭᠤᠯᠣᠨ ᠬᠡᠷᠡᠭᠵᠢᠭᠦᠯᠦᠨ᠎ᠡ᠃ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠪᠥᠬᠦ | ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢ | ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠶᠢᠮᠠᠭ ᠤᠨ ᠭᠤᠤᠯᠳᠠᠯᠭ᠎ᠠ ᠲᠠᠢ ᠣᠷᠣᠨ | ᠪᠦᠰᠡ᠂ ᠰᠠᠪᠠ ᠭᠠᠵᠠᠷ᠂ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠶ ᠣᠷᠴᠢᠨ ᠲᠣᠭᠤᠷᠢᠨ ᠤ | ᠲᠥᠯᠥᠪᠵᠢᠭᠦᠯᠭᠡ ᠪᠠ ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠵᠦ᠂ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠣᠷᠣᠨ ᠨᠤᠲᠤᠭ ᠤᠨ | ᠪᠠᠷᠢᠮᠵᠢᠶ᠎ᠠ ᠶᠢ ᠲᠣᠭᠲᠠᠭᠠᠵᠤ᠂ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠮᠡᠷᠭᠡᠵᠢᠯ ᠤᠨ ᠵᠢᠷᠤᠮᠵᠢᠯ ᠢ | ᠲᠣᠭᠲᠠᠭᠠᠨ᠎ᠠ᠃ | ︵ᠬᠤᠶᠠᠷ︶ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠠᠶᠢᠮᠠᠭ ᠤᠨ ᠬᠦᠨᠳᠦ ᠣᠨᠴᠠ | ᠶᠡᠭᠡ ᠣᠷᠴᠢᠨ ᠲᠣᠭᠤᠷᠢᠨ ᠤ ᠪᠣᠬᠢᠷᠲᠤᠯ ᠪᠠ ᠠᠮᠢ ᠠᠬᠤᠶ ᠶᠢ ᠡᠪᠳᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ | ᠲᠦᠷᠦᠭᠦᠯᠡᠨ ᠵᠣᠬᠢᠴᠠᠭᠤᠯᠵᠤ᠂ ᠪᠥᠬᠦ ᠠᠶᠢᠮᠠᠭ ᠤᠨ ᠬᠦᠨᠳᠦ ᠣᠨᠴᠠ ᠶᠡᠭᠡ ᠭᠡᠨᠡᠳᠲᠡ ᠶᠢᠨ ᠠᠮᠢ ᠠᠬᠤᠶ ᠣᠷᠴᠢᠨ | ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠣᠬᠢᠴᠠᠭᠤᠯᠤᠨ | ᠵᠢᠯᠣᠭᠤᠳᠴᠤ᠂ ᠠᠮᠢ ᠠᠬᠤᠶ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠢ ᠲᠥᠯᠥᠬᠦ ᠲᠦᠷᠢᠮ ᠢ | ᠬᠡᠷᠡᠭᠵᠢᠭᠦᠯᠬᠦ ᠶᠢ ᠲᠦᠷᠦᠭᠦᠯᠡᠨ ᠵᠢᠯᠣᠭᠤᠳᠴᠤ᠂ ᠣᠷᠣᠨ ᠪᠦᠰᠡ ᠠᠯᠤᠰᠯᠠᠭᠰᠠᠨ ᠬᠤᠯᠪᠣᠭᠳᠠᠯ ᠪᠥᠬᠦᠶ ᠣᠷᠴᠢᠨ | ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠵᠦ᠂ ᠪᠥᠬᠦ ᠠᠶᠢᠮᠠᠭ ᠤᠨ | ᠭᠤᠤᠯᠳᠠᠯᠭ᠎ᠠ ᠲᠠᠢ ᠣᠷᠣᠨ ᠪᠦᠰᠡ᠂ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | ︵ᠭᠤᠷᠪᠠ︶ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ | ᠨᠠᠶᠢᠳᠠᠪᠤᠷᠢᠵᠢᠭᠤᠯᠤᠯᠲᠠ ᠶᠢ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ | ᠡᠯ᠎ᠡ ᠲᠥᠷᠥᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠡᠵᠡᠮᠳᠡᠵᠦ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠲᠦᠷᠢᠮ ᠢ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ | ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠷᠴᠢᠨ ᠲᠣᠭᠤᠷᠢᠨ ᠤ ᠪᠠᠭᠲᠠᠭᠠᠮᠵᠢ ᠶᠢ | ᠦᠨᠳᠦᠰᠦᠯᠡᠨ ᠪᠥᠬᠦ ᠠᠶᠢᠮᠠᠭ ᠤᠨ ᠠᠭᠠᠷ ᠮᠠᠨᠳᠠᠯ᠂ ᠤᠰᠤ ᠶᠢᠨ ᠶᠡᠷᠦᠩᠬᠡᠶ ᠬᠡᠮᠵᠢᠶ᠎ᠡ ᠶᠢ ᠡᠵᠡᠮᠳᠡᠭᠰᠡᠨ ᠪᠣᠬᠢᠷᠲᠤᠯ | ᠪᠣᠳᠠᠰ ᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠳᠤᠷᠠᠳᠴᠤ᠂ ᠡᠯ᠎ᠡ ᠬᠤᠰᠢᠭᠤ ᠣᠷᠣᠨ ᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ | ᠵᠢᠯᠣᠭᠤᠳᠴᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ | ᠲᠦᠷᠢᠮ ᠢ ᠬᠡᠷᠡᠭᠵᠢᠭᠦᠯᠦᠨ᠎ᠡ᠃ | ︵ᠲᠦᠷᠪᠡ︶ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠶᠢᠨ | ᠲᠣᠬᠢᠷᠠᠭᠤᠯᠤᠯᠲᠠ ᠶᠢᠨ ᠰᠠᠨᠠᠯ ᠢ ᠳᠤᠷᠠᠳᠬᠤ ᠶᠢ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠥᠪᠡᠷᠲᠡᠭᠡᠨ ᠵᠠᠰᠠᠬᠤ ᠣᠷᠣᠨ᠂ ᠪᠥᠬᠦ ᠠᠶᠢᠮᠠᠭ ᠤᠨ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ | ᠲᠥᠯᠥᠪᠯᠡᠭᠡ ᠶᠢᠨ ᠬᠡᠪᠴᠢᠶᠡᠨ ᠳᠠᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠵᠦ ᠬᠠᠷᠭᠤᠭᠤᠯᠤᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠡᠷᠡᠭᠵᠢᠭᠦᠯᠬᠦ | ᠪᠠ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠠ᠃ ᠪᠦᠬᠦ ᠠᠶᠢᠮᠠᠭ ᠤᠨ ᠣᠷᠴᠢᠯ ᠠᠵᠤ ᠠᠬᠤᠶ ᠪᠠ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠲᠠᠪᠤ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ ᠬᠠᠮᠢᠶᠠᠷᠤᠨ᠎ᠠ᠃ ᠪᠦᠬᠦ | ᠠᠶᠢᠮᠠᠭ ᠤᠨ ᠠᠭᠠᠷ ᠮᠠᠨᠳᠠᠯ᠂ ᠤᠰᠤ᠂ ᠬᠥᠷᠥᠰᠥ ᠰᠢᠷᠣᠶ᠂ ᠱᠤᠤᠭᠢᠶᠠᠨ᠂ ᠭᠡᠷᠡᠯ᠂ ᠦᠮᠡᠬᠡᠢ ᠦᠨᠦᠷ᠂ ᠬᠠᠲᠠᠭᠤ | ᠪᠡᠶᠡᠲᠦ ᠬᠠᠶᠠᠭᠳᠠᠮᠠᠯ ᠪᠣᠳᠠᠰ᠂ ᠬᠢᠮᠢ ᠶᠢᠨ ᠪᠣᠳᠠᠰ᠂ ᠮᠠᠰᠢᠨ ᠲᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠬᠠᠮᠢᠶᠠᠷᠤᠯᠲᠠ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠶᠢᠮᠠᠭ ᠤᠨ ᠭᠠᠵᠠᠷ ᠳᠣᠤᠷᠠᠬᠢ ᠤᠰᠤ᠂ ᠤᠤᠭᠤᠬᠤ | ᠤᠰᠤᠨ ᠤ ᠡᠬᠢ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ | ᠬᠤᠲᠠ ᠬᠥᠳᠡᠭᠡ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠵᠢᠯᠣᠭᠤᠳᠴᠤ᠂ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠣᠷᠣᠨ | ᠪᠦᠰᠡ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠨ | ᠵᠢᠯᠣᠭᠤᠳᠴᠤ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠬᠠᠮᠵᠢᠯᠴᠠᠬᠤ ᠲᠣᠭᠲᠠᠴᠠ ᠶᠢ ᠬᠡᠷᠡᠭᠵᠢᠭᠦᠯᠦᠨ᠎ᠡ᠃ | ︵ᠵᠢᠷᠭᠤᠭ᠎ᠠ︶ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ | ᠲᠠᠯᠪᠢᠨ᠎ᠠ᠃ ᠪᠦᠬᠦ ᠠᠶᠢᠮᠠᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ᠠᠮᠢ ᠠᠬᠤᠢ ᠣᠷᠴᠢᠨ ᠲᠣᠭᠤᠷᠢᠨ ᠳᠤ ᠨᠥᠯᠥᠭᠡ ᠲᠠᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠠᠵᠢᠯᠯᠠᠭ᠎ᠠ᠂ ᠴᠢᠬᠤᠯᠠ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠠᠮᠢ | ᠠᠬᠤᠢ ᠶᠢᠨ ᠡᠪᠳᠡᠭᠳᠡᠯ ᠢ ᠰᠡᠷᠭᠦᠭᠡᠬᠦ ᠠᠵᠢᠯ ᠳᠤ ᠬᠢᠨᠠᠯᠲᠠ ᠲᠠᠯᠪᠢᠨ᠎ᠠ᠃ ᠪᠥᠬᠦ ᠠᠶᠢᠮᠠᠭ ᠤᠨ ᠡᠯ᠎ᠡ ᠲᠥᠷᠥᠯ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ | ᠲᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠠᠤᠯᠢ ᠬᠡᠷᠡᠭᠵᠢᠭᠦᠯᠦᠨ᠎ᠡ᠃ ᠪᠥᠬᠦ ᠠᠶᠢᠮᠠᠭ ᠤᠨ | ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ᠂ ᠨᠤᠭᠤ ᠭᠠᠵᠠᠷ ᠤᠨ ᠠᠮᠢ ᠠᠬᠤᠶ ᠣᠷᠴᠢᠨ ᠲᠣᠭᠤᠷᠢᠨ ᠢ | ᠬᠠᠮᠠᠭᠠᠯᠠᠬᠤ᠂ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠵᠡᠷᠭᠡ ᠠᠵᠢᠯ ᠳᠤ ᠬᠢᠨᠠᠯᠲᠠ ᠲᠠᠯᠪᠢᠨ᠎ᠠ᠃ ᠮᠠᠯᠵᠢᠬᠤ | ᠲᠠᠷᠢᠶᠠᠯᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠯᠣᠭᠤᠳᠤᠨ ᠵᠣᠬᠢᠴᠠᠭᠤᠯᠬᠤ ᠪᠠ | ᠬᠢᠨᠠᠯᠲᠠ ᠲᠠᠯᠪᠢᠵᠤ᠂ ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠲᠣᠭᠤᠷᠢᠨ ᠤ ᠠᠮᠤᠷ ᠲᠦᠪᠰᠢᠨ ᠳᠤ ᠬᠢᠨᠠᠯᠲᠠ | ᠲᠠᠯᠪᠢᠵᠤ᠂ ᠠᠮᠢᠳᠤ ᠪᠣᠳᠠᠰ ᠤᠨ ᠳᠦᠷᠰᠦ ︵ᠤᠳᠤᠮᠯᠠᠯ ᠤᠨ ᠡᠬᠢ ᠪᠠᠶᠠᠯᠢᠭ ᠪᠠᠭᠲᠠᠨ᠎ᠠ︶ ᠶᠢ ᠬᠠᠮᠠᠭᠠᠯᠠᠬᠤ | ᠠᠵᠢᠯ ᠤᠨ ᠲᠠᠯ᠎ᠠ ᠪᠠᠷ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠢᠳᠤ ᠪᠣᠳᠠᠰ ᠤᠨ | ᠤᠳᠤᠮᠰᠢᠯ ᠤᠨ ᠡᠬᠢ ᠪᠠᠶᠠᠯᠢᠭ ᠢ ᠬᠠᠮᠠᠭᠠᠯᠠᠬᠤ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠳᠤ | ᠣᠷᠣᠯᠴᠠᠨ᠎ᠠ᠃ | ︵ᠳᠤᠯᠤᠭ᠎ᠠ︶ ᠴᠥᠮ᠎ᠡ ᠬᠢᠭᠡᠳ ᠰᠠᠴᠤᠷᠠᠭ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ | ᠬᠡᠷᠡᠭᠵᠢᠭᠦᠯᠵᠦ᠂ ᠴᠥᠮ᠎ᠡ ᠬᠢᠭᠡᠳ ᠰᠠᠴᠤᠷᠠᠭ ᠤᠨ ᠠᠶᠤᠯ ᠦᠭᠡᠶ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢᠨ | ᠬᠤᠯᠪᠣᠭᠳᠠᠯ ᠪᠦᠬᠦᠢ ᠠᠵᠢᠯ ᠢ ᠲᠦᠷᠦᠭᠦᠯᠡᠨ ᠬᠠᠷᠢᠭᠤᠴᠠᠵᠤ᠂ ᠴᠥᠮ᠎ᠡ ᠶᠢᠨ ᠠᠳᠡᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠳᠤ ᠣᠷᠣᠯᠴᠠᠵᠤ᠂ ᠰᠠᠴᠤᠷᠠᠭ ᠤᠨ ᠣᠷᠴᠢᠨ ᠲᠣᠭᠤᠷᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠴᠥᠮ᠎ᠡ ᠶᠢᠨ ᠪᠡᠯᠡᠳᠬᠡᠮᠵᠢ ᠪᠣᠯᠤᠨ ᠰᠠᠴᠤᠷᠠᠭ | ᠡᠭᠦᠰᠭᠡᠭᠴᠢ ᠶᠢᠨ ᠠᠮᠤᠷ ᠲᠦᠪᠰᠢᠨ ᠳᠤ ᠬᠢᠨᠠᠯᠲᠠ ᠲᠠᠯᠪᠢᠨ ᠬᠠᠮᠢᠶᠠᠷᠴᠤ᠂ ᠴᠥᠮ᠎ᠡ ᠶᠢᠨ ᠪᠡᠯᠡᠳᠬᠡᠮᠵᠢ᠂ ᠴᠥᠮ᠎ᠡ ᠶᠢᠨ | ᠮᠡᠷᠭᠡᠵᠢᠯ ᠤᠨ ᠬᠡᠷᠡᠭᠯᠡᠯᠲᠡ᠂ ᠴᠠᠬᠢᠯᠭᠠᠨ ᠰᠣᠷᠢᠨᠵᠢᠨ ᠰᠠᠴᠤᠷᠠᠭ᠂ ᠰᠠᠴᠤᠷᠠᠭ ᠴᠢᠨᠠᠷᠲᠠᠶ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠣᠴᠠ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠳᠤ | ᠬᠢᠨᠠᠯᠲᠠ ᠲᠠᠯᠪᠢᠨ ᠬᠠᠮᠢᠶᠠᠷᠤᠨ᠎ᠠ᠃ | ︵ᠨᠠᠢᠮᠠ︶ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠶᠢ ᠬᠢᠨᠠᠠ ᠬᠠᠮᠢᠶᠠᠷᠬᠤ ᠶᠢ | ᠬᠠᠷᠢᠭᠤᠴᠠᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠠᠶᠢᠳᠠᠯᠭ᠎ᠠ ᠪᠠᠷ ᠴᠢᠬᠤᠯᠠ ᠶᠡᠭᠡ ᠠᠵᠤ ᠠᠬᠤᠶ | ᠪᠠ ᠮᠡᠷᠭᠡᠵᠢᠯ ᠤᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠴᠢᠬᠤᠯᠠ ᠶᠡᠭᠡ ᠠᠵᠤ | ᠠᠬᠤᠶ ᠶᠢᠨ ᠨᠡᠭᠡᠭᠡᠯᠲᠡ ᠶᠢᠨ ᠲᠥᠯᠥᠪᠯᠡᠭᠡ ᠳᠤ ᠣᠷᠴᠢᠨ ᠠᠬᠤᠶ ᠶᠢᠨ ᠨᠥᠯᠥᠭᠡᠯᠡᠯ ᠤᠨ ᠦᠨᠡᠯᠡᠯᠲᠡ ᠬᠢᠨ᠎ᠡ᠃ ᠪᠦᠬᠦ | ᠠᠶᠢᠮᠠᠭ ᠤᠨ ᠴᠢᠬᠤᠯᠠ ᠶᠡᠭᠡ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ ᠪᠦᠰᠡ᠂ ᠲᠥᠯᠥᠪᠵᠢᠭᠦᠯᠭᠡ᠂ | ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠭᠰᠡᠨ ᠪᠢᠴᠢᠭ ᠮᠠᠲ᠋ᠧᠷᠢᠶᠠᠯ ᠢ | ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠪᠤᠶᠤ ᠬᠢᠨᠠᠨ ᠪᠠᠶᠢᠴᠠᠭᠠᠨ᠎ᠠ᠃ ᠠᠮᠢ ᠠᠬᠤᠶ ᠣᠷᠴᠢᠨ ᠲᠣᠭᠤᠷᠢᠨ ᠤ | ᠵᠥᠪᠰᠢᠶᠡᠷᠡᠨ ᠣᠷᠣᠭᠤᠯᠬᠤ ᠵᠦᠪ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠬᠡᠷᠡᠭᠵᠢᠭᠦᠯᠦᠨ᠎ᠡ᠃ | ︵ᠶᠢᠰᠦ︶ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠪᠦᠬᠦ | ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠳᠦᠷᠢᠮ ᠪᠣᠯᠤᠨ ᠵᠢᠷᠤᠮᠵᠢᠯ ᠢ ᠲᠣᠭᠲᠠᠭᠠᠵᠤ᠂ | ᠬᠠᠮᠢᠶ᠎ᠠ ᠪᠦᠬᠦᠢ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ ᠴᠡᠭ ᠢ ᠨᠢᠭᠡᠳᠦᠯᠲᠡᠶ ᠲᠥᠯᠥᠪᠵᠢᠭᠦᠯᠵᠦ᠂ ᠪᠣᠬᠢᠷᠲᠤᠯ ᠤᠨ ᠡᠬᠢ ᠶᠢ ᠬᠢᠨᠠᠨ | ᠬᠡᠮᠵᠢᠬᠦ᠂ ᠬᠦᠯᠡᠮᠵᠢ ᠶᠢᠨ ᠬᠡᠶ ᠪᠡᠶᠡᠲᠦ ᠶᠢᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠬᠢᠨᠠᠨ ᠬᠡᠮᠵᠢᠬᠦ᠂ | ᠬᠠᠤᠯᠢ ᠬᠡᠷᠡᠭᠵᠢᠭᠦᠯᠵᠦ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠵᠤ ᠬᠢᠨᠠᠨ ᠬᠡᠮᠵᠢᠬᠦ ᠶᠢ ᠨᠢᠭᠡᠳᠦᠯᠲᠡᠶ | ᠲᠥᠯᠥᠪᠵᠢᠭᠦᠯᠦᠨ᠎ᠡ᠃ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ | ᠪᠠᠶᠢᠴᠠᠭᠠᠨ ᠦᠨᠡᠯᠡᠬᠦ᠂ ᠤᠷᠢᠳᠴᠢᠯᠠᠨ ᠰᠡᠷᠡᠮᠵᠢᠯᠡᠭᠦᠯᠵᠦ ᠵᠢᠱᠢᠵᠦ᠂ ᠪᠥᠬᠦ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠢ ᠬᠢᠨᠠᠨ ᠬᠡᠮᠵᠢᠬᠦ ᠲᠣᠤᠷ ᠪᠠ ᠠᠮᠢ ᠠᠬᠤᠶ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠲᠣᠤᠷ ᠢ | ᠬᠠᠮᠢᠶᠠᠷᠤᠨ᠎ᠠ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠵᠠᠷᠯᠠᠨ ᠨᠡᠶᠢᠲᠡᠯᠡᠬᠦ ᠲᠦᠷᠢᠮ ᠢ ᠪᠠᠶᠢᠭᠤᠯᠤᠨ | ᠬᠡᠷᠡᠭᠵᠢᠭᠦᠯᠵᠦ᠂ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠢᠨᠠᠷᠲᠠᠶ | ᠮᠡᠳᠡᠭᠦᠯᠦᠯᠲᠡ ᠪᠠ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠮᠡᠳᠡᠭᠡ ᠵᠠᠩᠭᠢ ᠶᠢ ᠨᠢᠭᠡᠳᠦᠯᠲᠡᠶ | ᠨᠡᠶᠢᠲᠡᠯᠡᠨ᠎ᠡ᠃ | ︵ᠠᠷᠪᠠ︶ ᠠᠭᠤᠷ ᠠᠮᠢᠰᠬᠤᠯ ᠤᠨ ᠬᠤᠪᠢᠷᠠᠯᠲᠠ ᠶᠢᠨ ᠠᠵᠢᠯ ᠳᠤ ᠣᠷᠣᠯᠴᠠᠬᠤ ᠶᠢ ᠬᠠᠷᠢᠭᠤᠴᠠᠨ᠎ᠠ᠃ ᠪᠦᠬᠦ | ᠠᠶᠢᠮᠠᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠵᠢᠴᠢ ᠬᠦᠯᠡᠮᠵᠢ ᠶᠢᠨ ᠬᠡᠢ ᠪᠡᠶᠡᠲᠦ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠯᠥᠪᠵᠢᠭᠦᠯᠭᠡ᠂ ᠲᠥᠯᠥᠪᠯᠡᠭᠡ᠂ ᠲᠦᠷᠦ ᠶᠢᠨ ᠪᠤᠳᠤᠯᠭ᠎ᠠ ᠶᠢ | ᠲᠣᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ | ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠣᠯᠠᠨ | ᠤᠯᠤᠰ ᠤᠨ ᠬᠠᠮᠲᠤᠷᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠴᠠᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠥᠪᠡᠷᠲᠡᠭᠡᠨ ᠵᠠᠰᠠᠬᠤ ᠣᠷᠣᠨ | ᠪᠠ ᠮᠠᠨ ᠤ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠡᠷᠬᠡ ᠣᠯᠭᠤᠯᠲᠠ ᠶᠢ ᠦᠨᠳᠦᠰᠦᠯᠡᠨ ᠡᠯ᠎ᠡ ᠬᠤᠰᠢᠭᠤ ︵ᠣᠷᠣᠨ︶ ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠨ᠎ᠡ᠃ | ︵ᠠᠷᠪᠠᠨ ᠬᠤᠶᠠᠷ︶ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠳᠤ ᠬᠢᠨᠠᠯᠲᠠ ᠲᠠᠯᠪᠢᠵᠤ ᠬᠠᠤᠯᠢ | ᠬᠡᠷᠡᠭᠵᠢᠭᠦᠯᠬᠦ ᠶᠢ ᠨᠢᠭᠡᠳᠦᠯᠲᠡᠶ ᠬᠠᠷᠢᠭᠤᠴᠠᠨ᠎ᠠ᠃ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠠᠰᠠᠭᠤᠳᠠᠯ ᠢ | ᠪᠠᠶᠢᠴᠠᠭᠠᠨ ᠰᠢᠢᠳᠪᠦᠷᠢᠯᠡᠨ᠎ᠡ᠃ ᠪᠦᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠦᠴᠦᠨ ᠢ ᠨᠢᠭᠡᠳᠦᠯᠲᠡᠶ ᠬᠠᠮᠢᠶᠠᠷᠴᠤ᠂ ᠨᠢᠭᠡᠳᠦᠯᠲᠡᠶ ᠵᠢᠯᠣᠭᠤᠳᠤᠨ᠎ᠠ᠃ | ︵ᠠᠷᠪᠠᠨ ᠭᠤᠷᠪᠠ︶ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠬᠤ ᠪᠠ ᠵᠣᠬᠢᠴᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠶᠢᠨ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠶᠢ ᠠᠬᠢᠭᠤᠯᠤᠨ᠎ᠠ᠃ ᠪᠥᠬᠦ ᠠᠶᠢᠮᠠᠭ ᠤᠨ ᠠᠮᠢ | ᠠᠬᠤᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠵᠦ᠂ ᠪᠥᠬᠦ ᠠᠶᠢᠮᠠᠭ ᠤᠨ | ᠠᠮᠢ ᠠᠬᠤᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠢᠨᠵᠧᠨᠧᠷᠢᠩ ᠤᠨ | ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠮᠡᠷᠭᠡᠵᠢᠯ ᠤᠨ | ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠳᠦᠷᠪᠡ︶ ᠠᠮᠢ ᠠᠬᠤᠶ ᠣᠷᠴᠢᠨ ᠲᠣᠭᠤᠷᠢᠨ ᠤ ᠣᠯᠠᠨ ᠤᠯᠤᠰ ᠤᠨ ᠬᠠᠮᠲᠤᠷᠠᠯᠴᠠᠭ᠎ᠠ | ᠰᠣᠯᠢᠯᠴᠠᠭ᠎ᠠ ᠳᠤ ᠣᠷᠣᠯᠴᠠᠵᠤ᠂ ᠣᠯᠠᠨ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠲᠤᠷᠠᠯᠴᠠᠭ᠎ᠠ ᠳᠠᠬᠢ | ᠮᠠᠨ ᠤ ᠠᠶᠢᠮᠠᠭ ᠲᠠᠢ ᠬᠤᠯᠪᠣᠭᠳᠠᠭᠰᠠᠨ ᠠᠰᠠᠭᠤᠳᠠᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠭᠠᠳᠠᠭᠠᠳᠤ ᠳᠤ | ᠬᠤᠯᠪᠣᠭᠳᠠᠬᠤ ᠠᠮᠢ ᠠᠬᠤᠶ ᠣᠷᠴᠢᠨ ᠲᠣᠭᠤᠷᠢᠨ ᠤ ᠬᠡᠷᠡᠭ ᠶᠠᠪᠤᠳᠠᠯ ᠢ ᠰᠢᠢᠳᠪᠦᠷᠢᠯᠡᠬᠦ ᠳᠤ ᠣᠷᠣᠯᠴᠠᠨ᠎ᠠ᠃ | ︵ᠠᠷᠪᠠᠨ ᠲᠠᠪᠤ︶ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠪᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠵᠢᠷᠭᠤᠭ᠎ᠠ︶ ᠡᠭᠦᠷᠭᠡ ᠴᠢᠳᠠᠮᠵᠢ ᠶᠢᠨ ᠬᠤᠪᠢᠷᠠᠯᠳᠠ᠃ ᠠᠯᠠᠱᠠ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠪᠥᠬᠦ ᠠᠶᠢᠮᠠᠭ ᠤᠨ ᠠᠮᠢ ᠠᠬᠤᠶ ᠪᠠ ᠬᠤᠲᠠ ᠬᠥᠳᠡᠭᠡ ᠶᠢᠨ ᠡᠯ᠎ᠡ ᠲᠥᠷᠥᠯ ᠤᠨ | ᠪᠣᠬᠢᠷᠲᠤᠯ ᠭᠠᠳᠠᠭᠰᠢᠯᠠᠭᠤᠯᠬᠤ ᠳᠤ ᠬᠢᠨᠠᠯᠲᠠ ᠲᠠᠯᠪᠢᠵᠤ ᠬᠠᠮᠢᠶᠠᠷᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠵᠦ᠂ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠭᠡᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢᠨ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ ᠵᠠᠰᠠᠭ ᠤᠨ ᠣᠷᠳᠣᠨ ᠢᠶᠠᠷ ᠭᠤᠣᠯ | ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠤᠯᠠᠨ ᠲᠦᠮᠡᠨ ᠬᠠᠮᠲᠤ ᠪᠠᠷ ᠣᠷᠣᠯᠴᠠᠭᠰᠠᠨ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ | ᠴᠢᠩᠭ᠎ᠠ ᠲᠦᠷᠢᠮ ᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠣᠷᠴᠢᠨ | ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ | ᠢ ᠡᠷᠡᠰ ᠰᠠᠶᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠦᠬᠦ ᠠᠶᠢᠮᠠᠭ ᠤᠨ ᠠᠮᠢ ᠠᠬᠤᠢ ᠣᠷᠴᠢᠨ | ᠲᠣᠭᠤᠷᠢᠨ ᠤ ᠠᠮᠤᠷ ᠲᠦᠪᠰᠢᠨ ᠢ ᠪᠠᠲᠤᠯᠠᠨ᠎ᠠ᠃ | ᠳᠥᠷᠪᠡᠳᠦᠭᠡᠷ ᠵᠦᠢᠯ ᠠᠯᠠᠱᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠳᠤ ᠳᠣᠤᠷᠠᠬᠢ | ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ | ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠮᠡᠳᠡᠭᠡ ᠵᠠᠩᠭᠢᠵᠢᠯᠲᠠ᠂ ᠰᠢᠰᠲ᠋ᠧᠮ ᠤᠨ ᠪᠠᠶᠢᠭᠤᠯᠭ᠎ᠠ ᠵᠢᠴᠢ ᠬᠠᠷᠢᠶ᠎ᠠ ᠨᠢᠬᠡᠴᠡ ᠶᠢᠨ ᠡᠳ᠋ ᠤᠨ ᠶᠠᠪᠤᠳᠠᠯ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠤᠳᠤᠯᠲᠠ᠂ ᠵᠠᠰᠠᠭ ᠤᠨ | ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠨ ᠤ ᠬᠠᠷᠠᠯᠲᠠ ᠪᠠ ᠬᠢᠨᠠᠨ ᠰᠢᠯᠭᠠᠬᠤ ᠲᠥᠯᠥᠪᠯᠡᠭᠡ ᠶᠢ ᠲᠤᠭᠤᠷᠪᠢᠨ | ᠲᠣᠭᠲᠠᠭᠠᠨ᠎ᠠ᠃ ᠪᠦᠬᠦ ᠠᠶᠢᠮᠠᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠬᠥᠲᠥᠯᠪᠦᠷᠢ ᠶᠢ ᠬᠡᠷᠡᠭᠵᠢᠭᠦᠯᠵᠦ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠪᠠ ᠣᠷᠴᠢᠨ ᠲᠣᠭᠤᠷᠢᠨ ᠲᠠᠢ ᠵᠣᠬᠢᠴᠠᠯᠳᠣᠭᠰᠠᠨ ᠨᠡᠶᠢᠭᠡᠮ ᠢ ᠪᠠᠶᠢᠭᠤᠯᠬᠤ ᠤᠬᠠᠭᠤᠯᠭ᠎ᠠ | ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠪᠴᠢᠶ᠎ᠠ ᠶᠢᠨ ᠰᠢᠰᠲ᠋ᠧᠮ ᠤᠨ ᠰᠣᠨᠢᠨ ᠮᠡᠳᠡᠭᠡ ᠶᠢ | ᠬᠢᠨᠠᠨ ᠬᠠᠷᠭᠤᠭᠤᠯᠬᠤ ᠪᠠ ᠨᠡᠶᠢᠲᠡᠯᠡᠬᠦ ᠶᠢ ᠡᠭᠦᠷᠭᠡᠯᠡᠵᠦ᠂ ᠠᠮᠢ ᠠᠬᠤᠶ ᠣᠷᠴᠢᠨ ᠲᠣᠭᠤᠷᠢᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠰᠤᠳᠤᠯᠤᠨ ᠮᠠᠭᠠᠳᠯᠠᠬᠤ᠂ ᠠᠷᠭᠠᠴᠠᠬᠤ ᠠᠵᠢᠯ ᠢ ᠵᠢᠯᠣᠭᠤᠳᠤᠨ᠎ᠠ᠃ | ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠪᠥᠬᠦ | ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠪᠠᠯᠠ ᠮᠥᠩᠭᠦ ᠶᠢ ᠭᠤᠶᠤᠴᠢᠯᠠᠨ | ᠮᠡᠳᠡᠭᠦᠯᠬᠦ᠂ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠬᠤᠶᠠᠷ︶ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠠᠯᠪᠠᠨ | ᠭᠡᠷ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ ᠶᠢ ᠬᠠᠮᠵᠢᠨ ᠨᠠᠶᠢᠳᠠᠪᠤᠷᠢᠵᠢᠭᠤᠯᠵᠤ᠂ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ | ᠪᠠᠶᠢᠴᠠᠭᠠᠭᠰᠠᠨ ᠪᠠᠶᠢᠳᠠᠯ ᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠣᠷᠴᠢᠨ ᠲᠣᠭᠤᠷᠢᠨ ᠤ ᠬᠢᠨᠠᠨ ᠪᠠᠶᠢᠴᠠᠭᠠᠯᠳᠠ ᠳᠤ ᠳᠣᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠦᠷᠢᠮ᠂ ᠠᠵᠢᠯ ᠤᠨ ᠲᠥᠯᠥᠪᠯᠡᠭᠡ᠂ | ᠬᠡᠷᠡᠭᠵᠢᠭᠦᠯᠬᠦ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠬᠤᠰᠢᠭᠤ ᠣᠷᠣᠨ ᠪᠣᠯᠤᠨ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠣᠨ᠎ᠠ᠃ ᠪᠦᠬᠦ ᠠᠶᠢᠮᠠᠭ ᠤᠨ ᠣᠷᠴᠢᠨ | ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠪᠦᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠤᠬᠠᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠨ᠎ᠠ᠃ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ | ᠡᠭᠦᠷᠭᠡᠯᠡᠵᠦ᠂ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ | ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠶᠢᠮᠠᠭ ᠢ ᠵᠠᠰᠠᠬᠤ᠂ ᠬᠠᠤᠯᠢ ᠲᠦᠭᠡᠮᠡᠯᠵᠢᠭᠦᠯᠬᠦ | ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠪᠠᠷᠢᠮᠵᠢᠶ᠎ᠠ᠂ ᠰᠠᠭᠤᠷᠢ | ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠥᠬᠦ ᠠᠶᠢᠮᠠᠭ ᠤᠨ | ᠬᠦᠨᠳᠦ ᠣᠨᠴᠠ ᠶᠡᠭᠡ ᠭᠡᠨᠡᠳᠲᠡ ᠶᠢᠨ ᠠᠮᠢ ᠠᠬᠤᠶ ᠣᠷᠴᠢᠨ ᠲᠣᠭᠤᠷᠢᠨ ᠤ ᠬᠡᠷᠡᠭ ᠪᠠ ᠠᠮᠢ ᠠᠬᠤᠶ ᠶᠢ ᠡᠪᠳᠡᠭᠰᠡᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠤᠭᠤᠷᠪᠢᠵᠤ᠂ ᠪᠠᠶᠢᠴᠠᠭᠠᠨ ᠰᠢᠢᠳᠪᠦᠷᠢᠯᠡᠬᠦ | ᠠᠵᠢᠯ ᠢ ᠵᠢᠯᠣᠭᠤᠳᠤᠨ ᠵᠣᠬᠢᠴᠠᠭᠤᠯᠵᠤ᠂ ᠠᠶᠢᠮᠠᠭ ᠬᠤᠲᠠ ︵ᠣᠷᠣᠨ ᠪᠦᠰᠡ︶ ᠠᠯᠤᠰᠯᠠᠭᠰᠠᠨ ᠣᠷᠴᠢᠨ | ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠨ᠎ᠡ᠃ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠵᠡᠷᠭᠡ ᠳᠤᠨᠢ | ᠵᠢᠷᠤᠭᠯᠠᠨ ᠲᠥᠯᠥᠪᠯᠡᠬᠦ᠂ ᠵᠡᠷᠭᠡ ᠳᠤᠨᠢ ᠪᠠᠶᠢᠭᠤᠯᠬᠤ᠂ ᠵᠡᠷᠭᠡ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ | ᠳᠦᠷᠢᠮ ᠢ ᠬᠡᠷᠡᠭᠵᠢᠬᠦᠯᠦᠨ᠎ᠡ᠃ | ︵ᠭᠤᠷᠪᠠ︶ ᠠᠵᠢᠯᠲᠠᠨ ᠤ ᠰᠠᠯᠠᠭ᠎ᠠ᠃ ᠪᠦᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠪᠠᠶᠢᠭᠤᠯᠤᠮᠵᠢ ᠵᠢᠴᠢ ᠬᠠᠷᠢᠶ᠎ᠠ ᠨᠢᠭᠡᠴᠡ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠣᠷᠣᠨ ᠲᠤᠭ᠎ᠠ᠂ | ᠮᠡᠷᠭᠡᠵᠢᠯ ᠤᠨ ᠴᠣᠯᠠ᠂ ᠬᠥᠳᠡᠯᠮᠦᠷᠢ ᠴᠠᠯᠢᠩ᠂ ᠬᠥᠮᠦᠵᠢᠯ ᠪᠣᠯᠪᠠᠰᠤᠷᠠᠯ᠂ ᠠᠬᠠᠮᠠᠳ ᠺᠠᠳ᠋ᠷ ᠤᠨ ᠬᠠᠮᠢᠶᠠᠷᠤᠯᠲᠠ ᠵᠡᠷᠭᠡ | ᠠᠵᠢᠯ ᠢ ᠨᠢᠭᠡᠳᠦᠯᠲᠡᠶ ᠲᠥᠯᠥᠪᠯᠡᠵᠦ᠂ ᠪᠦᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠠᠵᠢᠯ ᠲᠥᠷᠥᠯ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ | ᠂ ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠤᠨ ᠤᠳᠤᠷᠢᠳᠬᠤ | ᠺᠠᠳ᠋ᠷ ᠤᠨ ᠳᠠᠪᠬᠤᠷ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠪᠦᠬᠦ ᠣᠷᠣᠨ ᠤ ᠠᠮᠢ | ᠠᠬᠤᠶ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ | ᠠᠵᠢᠯ ᠢ ᠡᠭᠦᠷᠭᠡᠯᠡᠨ᠎ᠡ᠃ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠵᠤ᠂ ᠬᠠᠷᠢᠶ᠎ᠠ | ᠨᠢᠬᠡᠴᠡ ᠶᠢᠨ ᠢᠶᠠᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ | ︵ᠲᠦᠷᠪᠡ︶ ᠰᠢᠨᠵᠢᠯᠡᠬᠦ ᠣᠬᠠᠭᠠᠨ ᠮᠡᠷᠭᠡᠵᠢᠯ ᠤᠨ ᠬᠢᠨᠠᠨ ᠬᠡᠮᠵᠢᠬᠦ ᠰᠠᠯᠠᠭ᠎ᠠ᠃ ᠪᠥᠬᠦ ᠠᠶᠢᠮᠠᠭ ᠤᠨ ᠠᠮᠢ | ᠠᠬᠤᠶ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠵᠤ᠂ ᠠᠮᠢ ᠠᠬᠤᠶ | ᠣᠷᠴᠢᠨ ᠲᠣᠭᠤᠷᠢᠨ ᠤ ᠲᠤᠰᠬᠠᠶ ᠲᠥᠯᠥᠪᠵᠢᠭᠦᠯᠭᠡ ᠶᠢ ᠵᠣᠬᠢᠴᠠᠭᠤᠯᠬᠤ ᠪᠠ ᠬᠢᠨᠠᠨ ᠬᠠᠷᠭᠤᠭᠤᠯᠵᠤ᠂ ᠠᠮᠢ ᠠᠬᠤᠶ | ᠣᠷᠴᠢᠨ ᠲᠣᠭᠤᠷᠢᠨ ᠤ ᠲᠤᠭ᠎ᠠ ᠪᠦᠷᠢᠳᠬᠡᠯ᠂ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠪᠠ ᠠᠮᠢ | ᠠᠬᠤᠶ ᠣᠷᠴᠢᠨ ᠲᠣᠭᠤᠷᠢᠨ ᠤ ᠪᠠᠶᠢᠳᠠᠯ ᠢ ᠵᠠᠳᠠᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ | ᠠᠶᠢᠮᠠᠭ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠶᠡᠷᠦᠩᠬᠡᠶᠢᠯᠡᠨ | ᠵᠣᠬᠢᠴᠠᠭᠤᠯᠬᠤ ᠪᠠ ᠬᠠᠮᠢᠶᠠᠷᠬᠤ ᠠᠵᠢᠯ ᠢ ᠡᠭᠦᠷᠭᠡᠯᠡᠨ᠎ᠡ᠃ ᠪᠦᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠡᠭᠦᠷᠭᠡᠯᠡᠵᠦ᠂ ᠣᠷᠴᠢᠯ ᠠᠵᠤ ᠠᠬᠤᠶ ᠬᠢᠭᠡᠳ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠬᠤ ᠪᠠ ᠠᠬᠢᠭᠤᠯᠬᠤ ᠳᠤ | ᠣᠷᠣᠯᠴᠠᠨ᠎ᠠ᠃ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ᠂ ᠬᠦᠯᠡᠮᠵᠢ ᠶᠢᠨ ᠬᠡᠶ | ᠪᠡᠶᠡᠲᠦ ᠶᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠨ ᠬᠢᠨᠠᠨ ᠬᠡᠮᠵᠢᠵᠦ᠂ ᠶᠠᠰᠤ ᠴᠢᠨᠠᠷ ᠪᠠ ᠣᠷᠴᠢᠨ | ᠲᠣᠭᠤᠷᠢᠨ ᠤ ᠮᠡᠷᠭᠡᠵᠢᠯ ᠤᠨ ᠪᠠᠷᠢᠮᠵᠢᠶ᠎ᠠ ᠶᠢ ᠬᠡᠷᠡᠭᠵᠢᠭᠦᠯᠬᠦ ᠪᠠ ᠬᠠᠮᠢᠶᠠᠷᠬᠤ ᠶᠢ ᠬᠠᠷᠢᠭᠤᠴᠠᠨ᠂ ᠪᠥᠬᠦ ᠠᠶᠢᠮᠠᠭ ᠤᠨ | ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠪᠠᠶᠢᠴᠠᠭᠠᠨ ᠦᠨᠡᠯᠡᠨ ᠵᠢᠱᠢᠬᠦ ᠶᠢᠨ ᠬᠠᠮᠲᠤ | ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠪᠥᠬᠦ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠢ ᠬᠢᠨᠠᠨ ᠬᠡᠮᠵᠢᠬᠦ ᠲᠣᠤᠷ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ | ︵ᠲᠠᠪᠤ︶ ᠪᠠᠶᠢᠭᠠᠯᠢ ᠶᠢᠨ ᠠᠮᠢ ᠠᠬᠤᠶ ᠶᠢᠨ ᠬᠠᠮᠠᠭᠠᠯᠠᠯᠳᠠ ᠶᠢᠨ ᠰᠠᠯᠠᠭ᠎ᠠ᠃ ᠪᠦᠬᠦ ᠠᠶᠢᠮᠠᠭ ᠤᠨ ᠠᠮᠢ | ᠠᠬᠤᠢ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠤᠭᠤᠷᠪᠢᠵᠤ᠂ ᠪᠦᠬᠦ ᠠᠶᠢᠮᠠᠭ ᠤᠨ ᠠᠮᠢ ᠠᠬᠤᠢ ᠶᠢᠨ | ᠪᠠᠶᠢᠳᠠᠯ ᠢ ᠦᠨᠡᠯᠡᠨ ᠵᠢᠱᠢᠵᠦ᠂ ᠠᠮᠢ ᠠᠬᠤᠢ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠵᠢᠯᠣᠭᠤᠳᠤᠨ᠎ᠠ᠃ | ᠪᠦᠬᠦ ᠠᠶᠢᠮᠠᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠤᠨ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠮᠢᠳᠤ ᠪᠣᠳᠠᠰ ᠤᠨ ᠣᠯᠠᠨ | ᠶᠠᠩᠵᠤᠲᠤ ᠴᠢᠨᠠᠷ ᠢ ᠬᠠᠮᠠᠭᠠᠯᠠᠬᠤ᠂ ᠠᠮᠢᠳᠤ ᠪᠣᠳᠠᠰ ᠤᠨ ᠤᠳᠤᠮᠰᠢᠯ ᠤᠨ ᠡᠬᠢ ᠪᠠᠶᠠᠯᠢᠭ ᠢ ᠬᠠᠮᠠᠭᠠᠯᠠᠬᠤ᠂ ᠠᠮᠢᠳᠤ | ᠪᠣᠳᠠᠰ ᠤᠨ ᠠᠮᠤᠷ ᠲᠦᠪᠰᠢᠨ ᠢ ᠬᠠᠮᠢᠶᠠᠷᠬᠤ ᠠᠵᠢᠯ ᠢ ᠥᠷᠨᠢᠭᠦᠯᠦᠨ᠎ᠡ᠃ | ︵ᠵᠢᠷᠭᠤᠭ᠎ᠠ︶ ᠠᠭᠠᠷ ᠮᠠᠨᠳᠠᠯ ᠤᠨ ᠣᠷᠴᠢᠨ ᠳᠣᠭᠤᠷᠢᠨ ᠤ ᠰᠠᠯᠠᠭ᠎ᠠ᠃ ᠠᠭᠠᠷ ᠮᠠᠨᠳᠠᠯ ᠤᠨ ᠣᠷᠴᠢᠨ | ᠲᠣᠭᠤᠷᠢᠨ ᠢ ᠬᠠᠮᠠᠭᠠᠯᠠᠬᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ ᠬᠢ ᠬᠤᠯᠪᠣᠭᠳᠠᠯ | ᠪᠦᠬᠦᠢ ᠬᠠᠤᠯᠢ ᠴᠠᠭᠠᠵᠠ᠂ ᠲᠣᠭᠲᠠᠭᠠᠯ᠂ ᠲᠦᠷᠢᠮ ᠢ ᠲᠤᠤᠱᠯᠠᠭᠤᠯᠤᠨ᠎ᠠ︔ ᠪᠦᠬᠦ ᠠᠶᠢᠮᠠᠭ ᠤᠨ ᠠᠭᠠᠷ ᠮᠠᠨᠳᠠᠯ ᠤᠨ | ᠣᠷᠴᠢᠨ ᠲᠣᠭᠤᠷᠢᠨ ᠢ ᠬᠠᠮᠠᠭᠠᠯᠠᠬᠤ ᠠᠵᠢᠯ ᠪᠠ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ︔ ᠪᠦᠬᠦ ᠠᠶᠢᠮᠠᠭ ᠤᠨ ᠠᠭᠠᠷ ᠮᠠᠨᠳᠠᠯ᠂ ᠱᠤᠤᠭᠢᠶᠠᠨ᠂ ᠭᠡᠷᠡᠯ᠂ ᠬᠢᠮᠢ ᠴᠢᠯᠠᠭᠤᠨ | ᠳᠣᠰᠣᠨ ᠤ ᠡᠨᠧᠷᠭᠢ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃ | ᠪᠦᠬᠦ ᠠᠶᠢᠮᠠᠭ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠲᠥᠯᠥᠪᠯᠡᠭᠡ | ᠵᠢᠴᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠲᠦᠷᠦᠭᠦᠯᠡᠨ ᠬᠡᠷᠡᠭᠵᠢᠭᠦᠯᠦᠨ᠎ᠡ᠃ ᠪᠥᠬᠦ ᠠᠶᠢᠮᠠᠭ ᠤᠨ ᠠᠭᠠᠷ ᠮᠠᠨᠳᠠᠯ ᠤᠨ | ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠶᠢ ᠬᠡᠷᠡᠭᠵᠢᠭᠦᠯᠵᠦ᠂ ᠪᠥᠬᠦ ᠠᠶᠢᠮᠠᠭ ᠤᠨ ᠠᠭᠠᠷ | ᠮᠠᠨᠳᠠᠯ ᠤᠨ ᠣᠷᠴᠢᠨ ᠲᠣᠭᠤᠷᠢᠨ ᠤ ᠭᠤᠤᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠬᠠᠷᠠᠯᠲᠠ᠂ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠠᠭᠠᠷ ᠮᠠᠨᠳᠠᠯ ᠤᠨ ᠲᠤᠰᠬᠠᠶ ᠪᠠᠯᠠ ᠮᠥᠩᠭᠦ ᠶᠢ ᠭᠤᠶᠤᠴᠢᠯᠠᠨ | ᠮᠡᠳᠡᠭᠦᠯᠬᠦ᠂ ᠬᠠᠮᠢᠶᠠᠷᠬᠤ ᠠᠵᠢᠯ ᠵᠢᠴᠢ ᠬᠡᠢ ᠳᠤ ᠬᠤᠯᠪᠣᠭᠳᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ | ᠵᠥᠪᠰᠢᠶᠡᠷᠡᠯ ᠤᠨ ᠦᠨᠡᠮᠯᠡᠯ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠬᠤ ᠪᠥᠬᠦ ᠠᠶᠢᠮᠠᠭ ᠤᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠵᠤ᠂ ᠠᠭᠤᠷ ᠠᠮᠢᠰᠬᠤᠯ ᠤᠨ ᠬᠤᠪᠢᠷᠠᠯᠲᠠ ᠶᠢᠨ ᠪᠥᠬᠦ ᠠᠶᠢᠮᠠᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠶᠡᠷᠦᠩᠬᠡᠶᠢᠯᠡᠨ ᠵᠠᠳᠠᠯᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠤᠨ᠂ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠣᠯᠠᠨ ᠤᠯᠤᠰ ᠤᠨ ᠬᠠᠮᠲᠤᠷᠠᠯᠴᠠᠭ᠎ᠠ ᠪᠠ ᠴᠢᠳᠠᠪᠤᠷᠢ ᠶᠢᠨ | ᠪᠠᠶᠢᠭᠤᠯᠤᠯᠲᠠ ᠶᠢ ᠵᠣᠬᠢᠴᠠᠭᠤᠯᠤᠨ ᠥᠷᠨᠢᠭᠦᠯᠦᠨ᠎ᠡ᠃ ᠴᠡᠪᠡᠷ ᠬᠥᠭᠵᠢᠯᠲᠡ ᠶᠢᠨ ᠲᠣᠭᠲᠠᠴᠠ ᠶᠢᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠠᠶᠢᠮᠠᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠵᠢᠴᠢ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠯᠪᠣᠭᠳᠠᠯ ᠪᠦᠬᠦᠢ ᠪᠣᠳᠠᠲᠠᠶ ᠠᠵᠢᠯ ᠢ ᠡᠭᠦᠷᠭᠡᠯᠡᠨ᠎ᠡ᠃ ᠣᠯᠠᠨ ᠤᠯᠤᠰ ᠤᠨ ᠠᠮᠢ ᠠᠬᠤᠶ | ᠣᠷᠴᠢᠨ ᠲᠣᠭᠤᠷᠢᠨ ᠤ ᠬᠠᠮᠵᠢᠯᠴᠠᠭ᠎ᠠ ᠳᠠᠬᠢ ᠮᠠᠨ ᠤ ᠠᠶᠢᠮᠠᠭ ᠲᠠᠢ ᠬᠤᠯᠪᠣᠭᠳᠠᠭᠰᠠᠨ ᠠᠰᠠᠭᠤᠳᠠᠯ ᠳᠤ | ᠰᠠᠨᠠᠭᠤᠯᠭ᠎ᠠ ᠶᠢ ᠰᠤᠳᠤᠯᠤᠨ ᠳᠤᠷᠠᠳᠴᠤ᠂ ᠭᠠᠳᠠᠭᠠᠳᠤ ᠳᠤ ᠬᠤᠯᠪᠣᠭᠳᠠᠬᠤ ᠠᠮᠢ ᠠᠬᠤᠶ ᠣᠷᠴᠢᠨ ᠲᠣᠭᠤᠷᠢᠨ ᠤ | ᠬᠡᠷᠡᠭ ᠶᠠᠪᠤᠳᠠᠯ ᠢ ᠰᠢᠢᠳᠪᠦᠷᠢᠯᠡᠬᠦ ᠳᠤ ᠣᠷᠣᠯᠴᠠᠨ᠎ᠠ᠃ | ︵ᠲᠤᠯᠤᠭ᠎ᠠ︶ ᠤᠰᠤᠨ ᠤ ᠠᠮᠢ ᠠᠬᠤᠶ ᠣᠷᠴᠢᠨ ᠳᠣᠭᠤᠷᠢᠨ ᠤ ᠰᠠᠯᠠᠭ᠎ᠠ᠃ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠲᠠᠯ᠎ᠠ ᠶᠢᠨ ᠬᠠᠤᠯᠢ ᠴᠠᠭᠠᠵᠠ᠂ ᠲᠣᠭᠲᠠᠭᠠᠯ᠂ ᠳᠦᠷᠢᠮ ᠪᠠ ᠪᠦᠬᠦ ᠠᠶᠢᠮᠠᠭ ᠤᠨ ᠤᠰᠤᠨ ᠤ | ᠣᠷᠴᠢᠨ ᠲᠣᠭᠤᠷᠢᠨ ᠤ ᠬᠠᠷᠠᠯᠲᠠ ᠶᠢ ᠨᠠᠶᠢᠳᠠᠪᠣᠷᠢᠵᠢᠭᠤᠯᠣᠨ᠎ᠠ᠃ ᠪᠦᠬᠦ ᠠᠶᠢᠮᠠᠭ ᠤᠨ ᠤᠰᠤᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢ ᠬᠢᠨᠠᠠ ᠬᠠᠮᠢᠶᠠᠷᠬᠤ ᠶᠢ ᠬᠠᠷᠢᠭᠤᠴᠠᠨ᠎ᠠ︔ ᠪᠦᠬᠦ ᠠᠶᠢᠮᠠᠭ ᠤᠨ ᠤᠰᠤᠨ ᠤ ᠣᠷᠴᠢᠨ | ᠲᠣᠭᠤᠷᠢᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ᠂ ᠭᠤᠣᠯᠳᠠᠯᠭ᠎ᠠ ᠲᠠᠢ ᠰᠠᠪᠠ ᠭᠠᠵᠠᠷ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ | ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠠᠮᠢᠶᠠᠷᠬᠤ ᠠᠵᠢᠯ ᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︔ ᠤᠰᠤᠨ ᠤ ᠣᠷᠴᠢᠨ ᠲᠣᠭᠤᠷᠢᠨ ᠤ ᠳᠠᠭᠠᠭᠠᠴᠠ ᠶᠢ ᠦᠨᠡᠯᠡᠨ ᠵᠢᠱᠢᠨ᠎ᠡ︔ ᠠᠶᠢᠮᠠᠭ ︵ | ᠣᠷᠣᠨ ︶ ᠠᠯᠣᠰᠯᠠᠭᠰᠠᠨ ᠤᠰᠤᠨ ᠴᠣᠭᠴᠠ ᠶᠢᠨ ᠴᠢᠨᠠᠷ ᠢ ᠰᠢᠯᠭᠠᠨ ᠬᠢᠨᠠᠬᠤ ᠲᠦᠷᠢᠮ ᠢ ᠬᠡᠷᠡᠭᠵᠢᠬᠦᠯᠦᠨ᠎ᠡ︔ ᠪᠥᠬᠦ | ᠠᠶᠢᠮᠠᠭ ᠤᠨ ᠬᠤᠲᠠ ᠬᠥᠳᠡᠭᠡ ᠶᠢᠨ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠠ ᠬᠠᠮᠢᠶᠠᠷᠬᠤ᠂ ᠤᠰᠤᠨ ᠳᠤ ᠬᠤᠯᠪᠣᠭᠳᠠᠬᠤ ᠪᠣᠬᠢᠷᠲᠤᠯ | ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠢᠨᠠᠨ ᠬᠠᠷᠭᠤᠭᠤᠯᠬᠤ᠂ ᠤᠰᠤᠨ ᠤ ᠪᠣᠬᠢᠷᠲᠤᠯ | ᠭᠠᠳᠠᠭᠰᠢᠯᠠᠭᠤᠯᠬᠤ ᠠᠮᠠ ᠪᠠ ᠤᠰᠤᠨ ᠤ ᠲᠤᠰᠬᠠᠶ ᠪᠠᠯᠠ ᠮᠥᠩᠭᠦ ᠶᠢᠨ ᠲᠥᠷᠥᠯ ᠵᠦᠢᠯ ᠤᠨ ᠬᠥᠮᠥᠷᠭᠡ ᠶᠢ | ᠪᠥᠲᠥᠭᠡᠨ ᠪᠠᠶᠢᠭᠤᠯᠬᠤ ᠠᠵᠢᠯ ᠢ ᠬᠠᠷᠢᠭᠤᠴᠠᠨ᠎ᠠ᠃ ᠤᠰᠤᠨ ᠤ ᠣᠷᠴᠢᠨ ᠲᠣᠭᠤᠷᠢᠨ ᠤ ᠭᠤᠤᠯ ᠪᠣᠯᠬᠤ ᠪᠣᠬᠢᠷ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠪᠣᠯᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠠᠵᠢᠯ ᠢ ᠨᠠᠶᠢᠳᠠᠪᠤᠷᠢᠵᠢᠭᠤᠯᠤᠨ᠎ᠠ᠃ | ︵ᠨᠠᠢᠮᠠ︶ ᠬᠥᠷᠥᠰᠥ ᠰᠢᠷᠤᠶ ᠶᠢᠨ ᠠᠮᠢ ᠠᠬᠤᠶ ᠣᠷᠴᠢᠨ ᠳᠣᠭᠤᠷᠢᠨ ᠤ ᠰᠠᠯᠠᠭ᠎ᠠ᠃ ᠬᠥᠷᠥᠰᠥ ᠰᠢᠷᠣᠶ᠂ | ᠭᠠᠵᠠᠷ ᠳᠣᠤᠷᠠᠬᠢ ᠤᠰᠤ᠂ ᠬᠠᠲᠠᠭᠤ ᠪᠡᠶᠡᠳᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ᠂ ᠬᠢᠮᠢ ᠶᠢᠨ | ᠪᠣᠳᠠᠰ᠂ ᠤᠳᠠᠭᠠᠨ ᠴᠢᠨᠠᠷᠲᠠᠶ ᠣᠷᠭᠠᠨᠢᠭ ᠪᠣᠳᠠᠰ᠂ ᠴᠥᠮ᠎ᠡ ᠬᠢᠭᠡᠳ ᠰᠠᠴᠤᠷᠠᠭ ᠵᠡᠷᠭᠡ ᠪᠣᠬᠢᠷᠲᠤᠯ ᠢ ᠰᠡᠷᠭᠡᠶᠢᠯᠡᠨ | ᠵᠠᠰᠠᠬᠤ ᠬᠠᠤᠯᠢ ᠴᠠᠭᠠᠵᠠ᠂ ᠲᠣᠭᠲᠠᠭᠠᠯ᠂ ᠲᠦᠷᠢᠮ ᠢ ᠳᠣᠣᠱᠯᠠᠭᠤᠯᠣᠨ᠎ᠠ︔ ᠪᠥᠬᠦ ᠠᠶᠢᠮᠠᠭ ᠤᠨ ᠬᠥᠷᠥᠰᠥ ᠰᠢᠷᠣᠶ᠂ | ᠭᠠᠵᠠᠷ ᠳᠣᠤᠷᠠᠬᠢ ᠤᠰᠤᠨ ᠤ ᠪᠣᠬᠢᠷᠲᠤᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ | ᠂ ᠬᠢᠮᠢ ᠶᠢᠨ ᠪᠣᠳᠠᠰ᠂ ᠬᠦᠨᠳᠦ ᠲᠡᠮᠦᠷᠯᠢᠭ᠂ ᠴᠥᠮ᠎ᠡ ᠶᠢᠨ ᠠᠮᠤᠷ ᠲᠦᠪᠰᠢᠨ᠂ ᠰᠠᠴᠤᠷᠠᠭ ᠤᠨ ᠠᠮᠤᠷ ᠲᠦᠪᠰᠢᠨ᠂ | ᠰᠠᠴᠤᠷᠠᠭ ᠴᠢᠨᠠᠷᠲᠠᠶ ᠬᠠᠶᠠᠭᠳᠠᠮᠠᠯ ᠪᠣᠳᠠᠰ᠂ ᠤᠳᠠᠭᠠᠨ ᠴᠢᠨᠠᠷᠲᠠᠶ ᠣᠷᠭᠠᠨᠢᠭ ᠪᠣᠳᠠᠰ ᠵᠡᠷᠭᠡ ᠪᠣᠬᠢᠷᠲᠤᠯ ᠢ ᠰᠡᠷᠭᠡᠶᠢᠯᠡᠨ | ᠵᠠᠰᠠᠬᠤ ᠪᠠ ᠠᠮᠢ ᠠᠬᠤᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠬᠥᠳᠡᠭᠡ | ᠲᠣᠰᠬᠤᠨ ᠤ ᠣᠷᠴᠢᠨ ᠠᠬᠤᠶ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠥᠳᠡᠭᠡ | ᠲᠣᠰᠬᠤᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠵᠢᠯᠣᠭᠤᠳᠴᠤ᠂ ᠲᠠᠷᠢᠶᠠᠯᠠᠩ ᠤᠨ ᠣᠯᠠᠨ | ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠨᠥᠯᠥᠭᠡᠯᠡᠬᠦ ᠲᠥᠷᠥᠯ ᠵᠦᠢᠯ ᠤᠨ ᠣᠷᠴᠢᠨ | ᠲᠣᠭᠤᠷᠢᠨ ᠤ ᠬᠠᠮᠢᠶᠠᠷᠤᠯᠲᠠ ᠪᠠ ᠠᠶᠤᠯᠲᠠᠶ ᠬᠠᠶᠠᠭᠳᠠᠮᠠᠯ ᠪᠣᠳᠠᠰ ᠡᠵᠡᠩᠨᠡᠬᠦ᠂ ᠬᠠᠶᠠᠭᠳᠠᠮᠠᠯ ᠴᠠᠬᠢᠯᠭᠠᠨ ᠬᠡᠷᠡᠭᠰᠡᠯ | ᠡᠯᠧᠺᠲᠷᠣᠨ ᠦᠢᠯᠡᠳᠬᠦᠨ ᠢ ᠰᠢᠢᠳᠪᠦᠷᠢᠯᠡᠬᠦ ᠠᠵᠤ ᠠᠬᠤᠶᠢᠯᠠᠯ ᠤᠨ ᠬᠢᠷᠢ ᠬᠡᠮ ᠢ ᠵᠠᠰᠠᠭ ᠵᠠᠬᠢᠷᠭᠠᠨ ᠠᠴᠠ | ᠵᠦᠪᠰᠢᠶᠡᠷᠡᠵᠦ ᠪᠣᠳᠠᠲᠠᠶ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠬᠥᠷᠥᠰᠥ ᠰᠢᠷᠣᠶ ᠶᠢᠨ ᠣᠷᠴᠢᠨ | ᠲᠣᠭᠤᠷᠢᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠲᠤᠭᠤᠷᠪᠢᠨ ᠲᠣᠭᠲᠠᠭᠠᠨ᠎ᠠ︔ ᠬᠥᠷᠥᠰᠥ ᠰᠢᠷᠣᠶ ᠶᠢᠨ | ᠣᠷᠴᠢᠨ ᠲᠣᠭᠤᠷᠢᠨ ᠤ ᠳᠠᠭᠠᠭᠠᠴᠠ ᠶᠢ ᠵᠢᠱᠢᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠳᠠᠭᠠᠭᠠᠴᠠ ᠶᠢ | ᠦᠨᠡᠯᠡᠨ ᠵᠢᠱᠢᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠠᠶᠢᠮᠠᠭ ᠤᠨ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ᠂ ᠪᠣᠬᠢᠷᠲᠤᠯ ᠪᠣᠳᠠᠰ ᠭᠠᠳᠠᠭᠰᠢᠯᠠᠭᠤᠯᠬᠤ | ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ ᠲᠤᠭᠤᠷᠪᠢᠨ ᠲᠣᠭᠲᠠᠭᠠᠨ᠎ᠠ᠃ ᠴᠥᠮ᠎ᠡ ᠶᠢᠨ ᠲᠦᠯᠡᠰᠢ ᠶᠢᠨ | ᠡᠷᠭᠢᠯᠲᠡ ᠶᠢᠨ ᠪᠡᠯᠡᠳᠬᠡᠮᠵᠢ᠂ ᠰᠠᠴᠤᠷᠠᠭ ᠴᠢᠨᠠᠷᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ᠂ | ᠴᠥᠮ᠎ᠡ ᠶᠢᠨ ᠮᠡᠷᠭᠡᠵᠢᠯ ᠢ ᠠᠰᠢᠭᠯᠠᠬᠤ ᠲᠥᠷᠥᠯ ᠵᠦᠢᠯ᠂ ᠦᠷᠡᠨ ︵ᠲᠤᠷᠢ︶ ᠤ ᠬᠦᠳᠡᠷ ᠪᠣᠯᠤᠨ ᠳᠠᠭᠠᠯᠲᠠ | ᠰᠠᠴᠤᠷᠠᠭ ᠴᠢᠨᠠᠷᠲᠠᠶ ᠬᠦᠳᠡᠷ᠂ ᠴᠠᠬᠢᠯᠭᠠᠨ ᠰᠣᠷᠢᠨᠵᠢᠨ ᠰᠠᠴᠤᠷᠠᠭ ᠤᠨ ᠲᠣᠨᠤᠭ ᠲᠥᠬᠦᠭᠡᠷᠦᠮᠵᠢ᠂ ᠰᠠᠴᠤᠷᠠᠭ | ᠴᠢᠨᠠᠷᠲᠠᠶ ᠪᠣᠳᠠᠰ ᠢ ᠳᠡᠭᠡᠭᠡᠪᠦᠷᠢᠯᠡᠬᠦ ᠴᠥᠮ᠎ᠡ ᠶᠢᠨ ᠠᠶᠤᠯ ᠦᠭᠡᠶ᠂ ᠰᠠᠴᠤᠷᠠᠭ ᠤᠨ ᠠᠶᠤᠯ ᠦᠭᠡᠶ ᠪᠣᠯᠤᠨ | ᠰᠠᠴᠤᠷᠠᠭ ᠤᠨ ᠣᠷᠴᠢᠨ ᠲᠣᠭᠤᠷᠢᠨ ᠤ ᠬᠠᠮᠠᠭᠠᠯᠠᠯᠲᠠ᠂ ᠰᠠᠴᠤᠷᠠᠭ ᠴᠢᠨᠠᠷᠲᠠᠶ ᠪᠣᠬᠢᠷᠲᠤᠯ ᠢ ᠵᠠᠰᠠᠬᠤ ᠶᠢ ᠬᠢᠨᠠᠠ | ᠬᠠᠮᠢᠶᠠᠷᠣᠨ᠎ᠠ᠃ ᠰᠠᠴᠤᠷᠠᠭ ᠤᠨ ᠣᠷᠴᠢᠨ ᠲᠣᠭᠤᠷᠢᠨ ᠢ ᠬᠢᠨᠠᠨ ᠬᠡᠮᠵᠢᠵᠤ᠂ ᠴᠥᠮ᠎ᠡ ᠬᠢᠭᠡᠳ ᠰᠠᠴᠤᠷᠠᠭ ᠤᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠭᠦᠷᠭᠡᠯᠡᠨ᠎ᠡ᠃ | ︵ᠶᠢᠰᠦ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠪᠠ ᠭᠠᠳᠠᠭᠰᠢᠯᠠᠭᠤᠯᠬᠤ ᠶᠢ ᠬᠠᠮᠢᠶᠠᠷᠬᠤ ᠰᠠᠯᠠᠭ᠎ᠠ᠃ | ᠪᠥᠬᠦ ᠠᠶᠢᠮᠠᠭ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠲᠥᠷᠥ ᠶᠢᠨ ᠪᠣᠳᠣᠯᠭ᠎ᠠ ᠶᠢᠨ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠬᠦ᠂ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠵᠡᠷᠭᠡ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠡᠭᠦᠷᠭᠡᠯᠡᠵᠦ᠂ ᠪᠥᠬᠦ ᠠᠶᠢᠮᠠᠭ ᠤᠨ ᠪᠣᠬᠢᠷᠲᠤᠯ | ᠭᠠᠳᠠᠭᠰᠢᠯᠠᠭᠤᠯᠬᠤ ᠶᠢ ᠵᠦᠪᠰᠢᠶᠡᠷᠡᠬᠦ ᠶᠢ ᠶᠡᠷᠦᠩᠬᠡᠶᠢᠯᠡᠨ ᠵᠣᠬᠢᠴᠠᠭᠤᠯᠬᠤ ᠪᠠ ᠬᠠᠮᠢᠶᠠᠷᠬᠤ ᠠᠵᠢᠯ ᠢ ᠡᠭᠦᠷᠭᠡᠯᠡᠵᠦ᠂ | ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ | ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠲᠣᠪᠴᠢᠶ᠎ᠠ ᠶᠢᠨ ᠪᠠᠶᠢᠭᠤᠯᠭ᠎ᠠ᠂ ᠲᠣᠮᠢᠯᠠᠭᠰᠠᠨ ᠪᠠᠶᠢᠭᠤᠯᠤᠮᠵᠢ ᠪᠠ | ᠬᠠᠷᠢᠶ᠎ᠠ ᠨᠢᠬᠡᠴᠡ ᠶᠢᠨ ᠨᠠᠮ ᠤᠨ ᠠᠵᠢᠯ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ ᠨᠢ 43 ︵ᠬᠤᠰᠢᠭᠤ ᠣᠷᠣᠨ ᠤ ᠬᠤᠪᠢᠶᠠᠷᠢ ᠲᠣᠪᠴᠢᠶ᠎ᠠ ᠶᠢ ᠪᠠᠭᠲᠠᠭᠠᠨ᠎ᠠ︶᠃ | ᠲᠣᠪᠴᠢᠶᠠᠨ ᠳᠠᠷᠤᠭ᠎ᠠ 1 ᠬᠥᠮᠦᠨ᠂ ᠳᠡᠳ᠋ ᠳᠠᠷᠤᠭ᠎ᠠ 3 ᠬᠥᠮᠦᠨ︔ ᠰᠠᠯᠠᠭᠠᠨ ᠲᠠᠰ ᠤᠨ ᠤᠳᠤᠷᠢᠳᠬᠤ | ᠲᠤᠰᠢᠶᠠᠯ ᠤᠨ ᠲᠤᠭ᠎ᠠ 25 ᠬᠥᠮᠦᠨ᠂ ᠡᠭᠦᠨ ᠳᠤ ᠵᠢᠩᠬᠢᠨᠢ ᠰᠠᠯᠠᠭᠠᠨ ᠳᠠᠷᠤᠭ᠎ᠠ 15 ᠨᠡᠷᠡᠰ ︵ᠬᠤᠰᠢᠭᠤ ᠣᠷᠣᠨ | ᠤ ᠬᠤᠪᠢᠶᠠᠷᠢ ᠲᠣᠪᠴᠢᠶᠠᠨ ᠤ ᠳᠠᠷᠤᠭ᠎ᠠ 5 ᠨᠡᠷᠡᠰ ᠪᠠᠭᠲᠠᠨ᠎ᠠ︶᠂ ᠰᠠᠯᠠᠭᠠᠨ ᠤ ᠳᠡᠳ᠋ ᠳᠠᠷᠤᠭ᠎ᠠ 10 ᠨᠡᠷᠡᠰ ︵ | ᠬᠤᠰᠢᠭᠤ ᠣᠷᠣᠨ ᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ 9 ᠨᠡᠷᠡᠰ ᠪᠠᠭᠲᠠᠨ᠎ᠠ︶᠃ | ᠵᠢᠷᠭᠤᠳᠤᠭᠠᠷ ᠵᠦᠢᠯ ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠠᠷᠢᠶ᠎ᠠ | ᠠᠵᠢᠯ ᠦᠢᠯᠡᠰ ᠤᠨ ᠨᠢᠭᠡᠴᠡ ᠶᠢ ᠪᠠᠶᠢᠭᠤᠯᠬᠤ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ | ᠠᠰ ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ | ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ | ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠠᠯᠪᠠᠨ | ᠭᠡᠷ ᠠᠴᠠ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃ | | | | | ᠪᠠᠶᠢᠭᠤᠯᠭ᠎ᠠ ᠶᠢᠨ ᠰᠦᠯᠵᠢᠶ᠎ᠡ |