ᠡᠵᠡᠨ᠎ᠡ ᠬᠤᠰᠢᠭᠤ ︽ᠳᠥᠷᠪᠡᠨ ᠠᠷᠭ᠎ᠠ ᠬᠡᠮᠵᠢᠶ᠎ᠡ︾᠎ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠪᠣᠲᠠᠲᠠᠶᠢᠵᠢᠭᠤᠯᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/4/26
      ᠨᠢᠭᠡ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠪᠡ᠃ ︽ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023—2025 ᠣᠨ︶᠎ ᠶᠢᠨ ᠬᠡᠷᠡᠭᠵᠢᠭᠦᠯᠬᠦ ᠲᠥᠰᠦᠯ︾᠂ ︽ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ︵2023 — 2025 ᠣᠨ︶᠎ ᠶᠢᠨ ᠠᠵᠢᠯ ᠤᠨ ᠵᠥᠪᠳᠡᠯᠴᠡᠬᠦ ᠲᠣᠭᠲᠠᠴᠠ︾᠎ ᠶᠢ ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠶᠢ ᠵᠢᠷᠤᠮᠵᠢᠭᠤᠯᠵᠤ᠂ ᠪᠠᠶᠠᠨᠲᠤᠤᠷᠠᠢ ᠬᠠᠤᠯᠢ ᠴᠠᠭᠠᠵᠠ ᠶᠢᠨ ᠭᠠᠵᠠᠷ᠂ ᠳᠠᠯᠠᠶᠢᠬᠦ᠋ᠪ ᠬᠠᠤᠯᠢ ᠴᠠᠭᠠᠵᠠ ᠶᠢᠨ ᠭᠠᠵᠠᠷ᠂ ᠰᠠᠶᠢᠬᠠᠨᠲᠤᠤᠷᠠᠢ ᠬᠠᠤᠯᠢ ᠴᠠᠭᠠᠵᠠ ᠶᠢᠨ ᠭᠠᠵᠠᠷ᠂ ᠳ᠋ᠥᠩᠹᠧᠩ ᠬᠠᠤᠯᠢ ᠴᠠᠭᠠᠵᠠ ᠶᠢᠨ ᠭᠠᠵᠠᠷ ᠢ ᠰᠤᠮᠤ ᠪᠠᠯᠭᠠᠰᠤ ᠶᠢᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠲᠤᠷᠰᠢᠯᠲᠠ ᠶᠢᠨ ᠴᠡᠭ ᠢᠶᠠᠷ ᠰᠤᠩᠭᠤᠨ ᠲᠤᠭᠲᠠᠭᠠᠵᠤ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤ ᠶᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠪᠠ ᠦᠨᠡᠮᠯᠡᠯ ᠲᠠᠢ ᠢᠶᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠠᠴᠠ ᠠᠵᠢᠯ ᠰᠢᠯᠵᠢᠬᠦ᠂ ᠠᠵᠢᠯ ᠠᠴᠠ ᠪᠠᠨ ᠪᠠᠭᠤᠵᠤ ᠠᠮᠠᠷᠠᠬᠤ ᠵᠡᠷᠭᠡ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠳᠤ ᠪᠠᠶᠢᠬᠤ ᠦᠭᠡᠢ ᠠᠵᠢᠯᠲᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠴᠠᠭ ᠲᠤᠬᠠᠢ ᠳᠤᠨᠢ ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠪᠣᠳᠠᠲᠤ ᠴᠣᠭᠴᠠ ᠪᠠ ᠡᠯᠧᠺᠲᠷᠣᠨ ᠬᠠᠤᠯᠢ ᠬᠡᠷᠡᠭᠵᠢᠭᠦᠯᠬᠦ ᠦᠨᠡᠮᠯᠡᠯ ᠢ 274 ᠳᠡᠪᠲᠡᠷ ᠣᠯᠭᠤᠪᠠ᠃ ᠬᠤᠶᠠᠷ ᠲᠤ᠂ ᠬᠠᠤᠯᠢ ᠬᠡᠷᠡᠭᠵᠢᠭᠦᠯᠬᠦ ᠪᠣᠯᠪᠠᠰᠤᠷᠠᠯ ᠢ ᠴᠢᠩᠭᠠᠳᠬᠠᠵᠤ᠂  ᠬᠠᠥᠯᠢ ᠪᠠᠷ ᠵᠠᠰᠠᠬᠤ ᠤᠨᠤᠯ ᠤᠨ ᠲᠦᠪᠰᠢᠨ ᠪᠣᠯᠤᠨ ᠠᠵᠢᠯ ᠤᠨ ᠲᠦᠪᠰᠢᠨ ᠢ ᠳᠡᠭᠡᠭᠰᠢᠯᠡᠭᠦᠯᠪᠡ᠃ ︽ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠬᠤ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ 2023 ᠣᠨ ᠳᠤ ᠡᠭᠦᠯᠡᠨ ᠲᠠᠪᠴᠠᠩ ᠳᠤ ᠲᠦᠰᠢᠭᠯᠡᠨ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠬᠤ ᠪᠠ ᠠᠶᠢᠮᠠᠭ ᠤᠨ ᠨᠠᠮ ᠤᠨ ᠰᠤᠷᠭᠠᠭᠤᠯᠢ ᠶᠢᠨ ᠪᠠᠭᠰᠢ ᠵᠢᠴᠢ ᠥᠪᠥᠷ ᠮᠣᠩᠭᠤᠯ ᠤᠨ ᠹᠠ ᠳ᠋ᠥᠸᠧ ᠬᠠᠥᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠥᠯᠢᠴᠢ ᠶᠢ ᠤᠷᠢᠨ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠯᠪᠠᠰᠤᠷᠠᠯ ᠤᠨ ᠠᠩᠭᠢ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠂ ᠲᠤᠰᠬᠠᠢ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠠᠯᠠᠭᠳᠠᠭᠰᠠᠨ ᠵᠠᠷᠭᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠪᠤᠷᠤᠭᠤ ᠶᠢ ᠵᠠᠯᠠᠷᠠᠭᠤᠯᠤᠭᠰᠠᠨ ᠬᠡᠷᠡᠭ ᠲᠤ ᠣᠨᠴᠠᠭᠠᠶ ᠬᠢᠨᠠᠯᠲᠠ ᠲᠠᠯᠪᠢᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠦᠬᠦᠯᠢ ᠴᠣᠭᠴᠠ ᠶᠢᠨ ᠬᠢᠷᠢ ᠲᠦᠪᠰᠢᠨ ᠪᠠ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠪᠡ᠃ ᠭᠤᠷᠪᠠ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠭᠡᠷᠡᠴᠢᠯᠡᠬᠦ ᠵᠦᠢᠯᠡᠰ ᠤᠨ ᠨᠠᠷᠢᠨ ᠲᠠᠩᠰᠠ ᠶᠢ ᠡᠮᠬᠢᠯᠡᠨ ᠳᠢᠭᠯᠡᠵᠦ ᠬᠦᠯᠢᠶᠡᠨ ᠠᠪᠬᠤ ᠪᠠ ᠭᠡᠷᠡᠴᠢᠯᠡᠬᠦ ᠵᠦᠢᠯᠡᠰ ᠤᠨ ᠠᠮᠠᠯᠠᠯᠲᠠ ᠶᠢ ᠮᠡᠳᠡᠭᠳᠡᠬᠦ ᠲᠦᠷᠢᠮ ᠤᠨ ᠵᠦᠢᠯᠡᠰ ᠢ ᠡᠮᠬᠢᠯᠡᠨ ᠬᠦᠯᠢᠶᠡᠨ ᠠᠪᠬᠤ ᠠᠵᠢᠯ ᠢ ᠥᠷᠨᠢᠭᠦᠯᠵᠦ᠂ ︽ᠡᠵᠡᠨ᠎ᠡ ᠬᠤᠰᠢᠭᠤᠨ ᠤ ᠦᠯᠡᠳᠡᠭᠡᠭᠰᠡᠨ ᠭᠡᠷᠡᠴᠢᠯᠡᠬᠦ ᠵᠦᠢᠯᠡᠰ ᠤᠨ ᠨᠠᠷᠢᠨ ᠲᠠᠩᠰᠠ︾᠂ ︽ᠡᠵᠡᠨ᠎ᠡ ᠬᠤᠰᠢᠭᠤᠨ ᠤ ᠭᠡᠷᠡᠴᠢᠯᠡᠬᠦ ᠵᠦᠢᠯᠡᠰ ᠤᠨ ᠠᠮᠠᠯᠠᠯᠲᠠ ᠶᠢ ᠮᠡᠳᠡᠭᠳᠡᠬᠦ ᠲᠦᠷᠢᠮ ᠤᠨ ᠨᠠᠷᠢᠨ ᠲᠠᠩᠰᠠ︾᠎ ᠶᠢ ᠨᠡᠶᠢᠲᠡᠯᠡᠵᠦ᠂ ᠨᠡᠶᠢᠲᠡ 167 ᠭᠡᠷᠡᠴᠢᠯᠡᠬᠦ ᠵᠦᠢᠯ ᠢ ᠡᠮᠬᠢᠯᠡᠨ ᠳᠢᠭᠯᠡᠵᠦ ᠬᠦᠯᠢᠶᠡᠨ ᠠᠪᠴᠤ᠂ ᠡᠭᠦᠨ ᠳᠤ ᠰᠠᠯᠠᠭ᠎ᠠ ᠮᠥᠴᠢᠷ 28 ᠵᠦᠢᠯ ᠢ ᠡᠮᠬᠢᠯᠡᠵᠦ ᠂ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ ᠤᠨ ᠨᠠᠷᠢᠨ ᠲᠠᠩᠰᠠ ᠶᠢ 139 ᠬᠦᠯᠢᠶᠡᠨ ᠠᠪᠤᠪᠠ᠃ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ ᠤᠨ ᠠᠮᠠᠯᠠᠯᠲᠠ ᠶᠢ ᠮᠡᠳᠡᠭᠳᠡᠬᠦ ᠳᠦᠷᠢᠮ 20 ᠵᠦᠢᠯ ᠢ ᠡᠮᠬᠢᠯᠡᠨ ᠳᠢᠭᠯᠡᠬᠦ ᠪᠠ ᠬᠦᠯᠢᠶᠡᠨ ᠠᠪᠴᠤ᠂ ᠡᠭᠦᠨ ᠳᠤ ᠰᠠᠯᠠᠭ᠎ᠠ ᠮᠥᠴᠢᠷ 1 ᠵᠦᠢᠯ ᠢ ᠡᠮᠬᠢᠯᠡᠨ ᠳᠢᠭᠯᠡᠵᠦ᠂ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ ᠤᠨ ᠠᠮᠠᠯᠠᠯᠲᠠ ᠶᠢ ᠮᠡᠳᠡᠭᠳᠡᠬᠦ ᠳᠦᠷᠢᠮ 19 ᠵᠦᠢᠯ ᠢ ᠬᠦᠯᠢᠶᠡᠨ ᠠᠪᠬᠤ ᠶᠢᠨ ᠬᠠᠮᠲᠤ ᠨᠡᠶᠢᠭᠡᠮ ᠳᠤ ᠨᠡᠶᠢᠲᠡᠯᠡᠪᠡ᠃ ᠳᠥᠷᠪᠡ ᠳᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠬᠤ ᠪᠠ ᠢᠯᠭᠠᠷᠠᠭᠤᠯᠬᠤ ᠶᠢ ᠴᠢᠩᠳᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠢ ᠲᠡᠭᠦᠯᠳᠡᠷᠵᠢᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾᠎ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠯ ᠬᠤᠷᠢᠶᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠰᠤᠳᠤᠯᠬᠤ ᠵᠡᠷᠭᠡ ᠲᠠᠰ ᠳᠠᠷᠠᠭᠠᠯᠠᠯ ᠤᠨ ᠶᠣᠰᠣᠭᠠᠷ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ ᠳᠠᠷᠤᠮᠠᠯᠯᠠᠨ ᠲᠠᠷᠬᠠᠭᠠᠪᠠ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠬᠢᠭᠡᠳ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠲᠤᠷᠠᠨ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠰᠠᠨᠠᠯ ᠰᠠᠨᠠᠭᠤᠯᠭ᠎ᠠ ᠬᠠᠩᠭᠠᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠲᠦᠭᠰᠢᠭᠦᠷᠢ ᠶᠢ ᠪᠠᠭᠤᠷᠠᠭᠤᠯᠪᠠ᠃ ᠴᠢᠩᠭ᠎ᠠ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠳᠢᠭᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ 2023 ᠣᠨ ᠳᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 23 ᠬᠤᠪᠢ ᠶᠢ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠵᠦ᠂ ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠢ ᠨᠡᠶᠢᠭᠡᠮ ᠳᠤ ᠨᠡᠶᠢᠲᠡᠯᠡᠪᠡ᠃ 2024 ᠣᠨ ᠳᠤ ᠣᠳᠣ ᠪᠣᠯᠲᠠᠯ᠎ᠠ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ 1 ᠤᠳᠠᠭ᠎ᠠ ᠥᠷᠨᠢᠭᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号