ᠬᠥᠳᠡᠭᠡ ᠲᠣᠰᠬᠤᠨ ᠤ ᠭᠡᠷ ᠪᠠᠶᠢᠰᠢᠩ ᠢ ᠶᠠᠭᠠᠬᠢᠵᠤ ᠪᠠᠷᠢᠪᠠᠯ ᠨᠠᠩ ᠠᠮᠤᠷ ᠲᠦᠪᠰᠢᠨ ᠪᠤᠢ︖
ᠨᠡᠶᠢᠲᠡᠯᠡᠭᠰᠡᠨ ᠴᠠᠭ᠄
2024/4/26
    ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠭᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠲᠦᠷᠦᠭᠦᠬᠡᠨ ᠬᠠᠮᠲᠤᠷᠠᠨ ︽ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃    ︽ ᠰᠠᠨᠠᠯ︾ ᠳᠤ᠂ 2025 ᠣᠨ ᠪᠣᠯᠬᠤ ᠳᠤ᠂ ᠬᠥᠳᠡᠭᠡ ᠲᠣᠰᠬᠤᠨ ᠤ ᠣᠨᠴᠠᠯᠢᠭ ᠲᠤ ᠵᠣᠬᠢᠴᠠᠭᠰᠠᠨ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠳᠠ ᠬᠢᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠭᠠᠵᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠳᠦᠪᠰᠢᠨ ᠤ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠨᠡᠶᠢᠳᠡᠮ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠪᠠ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠢᠵᠢ ᠪᠥᠷᠢᠳᠦᠭᠦᠯᠬᠦ ᠲᠥᠬᠦᠭᠡᠷᠦᠮᠵᠢ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号