ᠮᠠᠨ ᠤ ᠣᠷᠣᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/26
    ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 3 ᠰᠠᠷ᠎ᠠ ᠶᠢᠨ 26 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠦᠬᠦ ᠤᠷᠤᠨ  ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠠᠨ  ᠤ ᠦᠨᠡᠨᠴᠢ ᠢᠲᠡᠭᠡᠮᠵᠢ  ᠶᠢᠨ ᠪᠠᠶᠢᠭᠤᠯᠤᠯᠲᠠ  ᠶᠢ ᠯᠠᠪᠳᠠᠭᠤᠨ ᠪᠠᠲᠤᠲᠠᠶ ᠠᠬᠢᠭᠤᠯᠵᠤ᠂ ᠨᠢᠬᠡᠨᠳᠡ ᠠᠩᠬ᠎ᠠ ᠠᠯᠬᠤᠮ  ᠤᠨ ᠦᠷ᠎ᠡ ᠪᠦᠲᠦᠮᠵᠢ ᠤᠯᠪᠠ᠃    ᠳᠤᠰ ︽ᠲᠥᠰᠦᠯ︾ ᠨᠢ ᠭᠤᠤᠯᠳᠠᠭᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠵᠡᠷᠭᠡ ᠭᠤᠷᠪᠠᠨ ᠶᠡᠭᠡ ᠬᠦᠷᠢᠶᠠᠨ ᠳᠤ ᠬᠤᠯᠪᠤᠭᠳᠠᠨ᠂ ᠠᠵᠢᠯ ᠲᠥᠷᠥᠯ ᠤᠨ ᠪᠠᠯᠠ ᠤᠷᠤᠭᠤᠯᠤᠯᠲᠠ ᠪᠠᠯᠠ ᠬᠤᠷᠠᠮᠳᠤᠭᠤᠯᠭ᠎ᠠ᠂ ᠪᠥᠲᠥᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠯᠲᠠ᠂ ᠡᠵᠡᠩᠨᠡᠯᠲᠡ᠂ ᠬᠢᠨᠠᠨ ᠵᠥᠪᠰᠢᠶᠡᠷᠡᠯ᠂ ᠬᠠᠤᠯᠢ ᠬᠡᠷᠡᠭᠵᠢᠭᠦᠯᠦᠯᠲᠡ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠠᠮᠢᠶᠠᠷᠤᠯᠲᠠ ᠵᠡᠷᠭᠡ ᠠᠭᠤᠯᠭ᠎ᠠ ᠶᠢ ᠬᠠᠮᠤᠷᠴᠤ᠂ 10 ᠭᠤᠤᠯᠳᠠᠯᠭ᠎ᠠ ᠲᠠᠢ ᠡᠭᠦᠷᠭᠡ᠂ 26 ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠳᠤᠷᠠᠳᠴᠠᠢ᠃ ᠪᠦᠬᠦ ᠤᠷᠤᠨ ᠤ ᠡᠯ᠎ᠠ ᠭᠠᠵᠠᠷ ᠤᠨ ᠬᠢᠨ ᠤᠤᠯ ᠤᠨ ᠰᠠᠭᠤᠷᠢᠨ ᠲᠡᠬᠡᠷ᠎ᠠ ︽ᠲᠦᠰᠦᠯ︾ ᠶᠤᠰᠤᠭᠠᠷ ᠲᠡᠭᠡᠭᠡᠪᠦᠷᠢ ᠶᠢᠨ ᠠᠵᠤ ᠠᠬᠤᠶᠢᠯᠠᠯ ᠤᠨ ︽ᠨᠢᠭᠡ ᠶᠠᠪᠤᠳᠠᠯ︾ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠢᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︽ᠨᠢᠭᠡ ᠶᠠᠪᠤᠳᠠᠯ︾ ᠤᠨ ᠬᠤᠷᠠᠮᠠᠯ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠰᠢᠷᠣᠶ ᠬᠡᠷᠡᠭᠯᠡᠬᠦ ᠬᠢᠨᠠᠨ ᠵᠥᠪᠰᠢᠶᠡᠷᠡᠯ᠂ ᠦᠶᠡᠷ ᠤᠰᠤᠳᠤᠯ ᠤᠨ ᠲᠤᠬᠠᠢ ᠦᠨᠡᠯᠡᠯᠲᠠ᠂ ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠵᠡᠷᠭᠡ ᠶᠢ ᠬᠤᠷᠠᠮᠠᠯ ᠰᠢᠰᠲᠤᠮ ᠳᠤ ᠤᠷᠤᠭᠤᠯᠤᠨ ᠭᠦᠢᠴᠡᠳᠬᠡᠵᠤ᠂ ᠨᠢᠭᠡ ᠯᠡ ᠤᠳᠠᠭ᠎ᠠ ᠭᠤᠶᠤᠴᠢᠯᠠᠨ ᠨᠢᠭᠡ ᠯᠡ ᠤᠳᠠᠭ᠎ᠠ ᠪᠢᠴᠢᠭ ᠮᠠᠲ᠋ᠧᠷᠢᠶᠠᠯ ᠳᠠᠮᠵᠢᠭᠤᠯᠵᠤ᠂ ᠰᠠᠯᠠᠭ᠎ᠠ ᠮᠥᠴᠢᠷ ᠬᠠᠮᠲᠤᠷᠠᠨ ᠬᠢᠨᠠᠨ ᠵᠥᠪᠰᠢᠶᠡᠷᠡᠬᠦ ᠶᠢ ᠪᠡᠶᠡᠯᠡᠭᠦᠯᠪᠠ᠃ ᠪᠠᠰᠠ ᠵᠠᠮ ᠬᠠᠷᠢᠯᠴᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠠᠯᠢᠩ ᠮᠦᠩᠬᠦ ᠶᠢᠨ ᠦᠷᠢᠳᠤᠯ ᠢ ᠦᠨᠳᠦᠰᠦᠨ ᠠᠴᠠ ᠨᠢ ᠵᠠᠰᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠵᠤ᠂ 2023 ᠣᠨ ᠤ ᠵᠠᠰᠠᠭ ᠤᠨ ᠣᠷᠳᠣᠨ ᠤ ᠵᠢᠭᠡᠯᠡᠯᠭᠡ ᠪᠤᠴᠠᠭᠠᠬᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠶᠢ ᠬᠦᠴᠦᠨ ᠥᠬᠡᠶ ᠪᠣᠯᠭᠠᠭᠰᠠᠨ ᠤ ᠳᠠᠷᠠᠭᠠᠬᠢ ᠨᠥᠬᠦᠪᠥᠷᠢ ᠪᠠᠯᠠ ᠮᠥᠩᠭᠦ ᠪᠠ 2023 ᠣᠨ ᠤ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠬᠢᠷᠢ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠥᠷᠨᠢᠭᠦᠯᠪᠠ᠃    ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠪᠥᠬᠦ ᠣᠷᠣᠨ ᠤ ᠵᠠᠮ ᠬᠠᠷᠢᠯᠴᠠᠭᠠᠨ ᠤ ᠬᠦᠷᠢᠶᠡᠨ ᠳᠠᠬᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠬᠠᠮᠢᠶ᠎ᠠ ᠪᠦᠬᠦᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠤ ᠳᠠᠯᠳᠠᠭᠤᠷ ᠦᠢᠯᠡᠳᠬᠦ᠂ ︽ᠪᠣᠱᠤᠭ᠎ᠠ︾ ᠢᠢ ᠥᠨᠳᠥᠷ ᠪᠣᠯᠭᠠᠵᠤ ᠬᠦᠷᠢᠶᠡᠯᠡᠨ ᠰᠦᠯᠪᠡᠭᠡᠯᠡᠬᠦ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠪᠠ︔ ᠲᠡᠭᠡᠭᠡᠪᠦᠷᠢ ᠶᠢᠨ ᠬᠦᠷᠢᠶᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠲᠣᠮᠣ ᠵᠦᠢᠯᠡᠰ ᠤᠨ ᠲᠡᠭᠡᠭᠡᠪᠦᠷᠢ ᠶᠢᠨ ᠵᠥᠪᠰᠢᠶᠡᠷᠡᠯ ᠤᠨ ︽ᠰᠠᠶᠢᠨ ᠮᠠᠭᠤ ᠶᠢᠨ ᠦᠨᠡᠯᠡᠯᠲᠡ︾ ᠢᠢᠨ ᠳᠦᠷᠢᠮ ᠪᠣᠯᠤᠨ ᠠᠵᠤ ᠠᠬᠤᠶᠢᠯᠠᠯ ᠤᠨ ᠢᠲᠡᠭᠡᠮᠵᠢ ᠶᠢᠨ ᠬᠤᠪᠢ ᠬᠤᠷᠠᠮᠳᠤᠭᠤᠯᠬᠤ ᠳᠦᠷᠢᠮ ᠢ ᠭᠦᠨᠵᠡᠭᠡᠶ ᠠᠬᠢᠭᠤᠯᠵᠤ᠂ ᠲᠣᠮᠣ ᠵᠦᠢᠯᠡᠰ ᠤᠨ ᠲᠡᠭᠡᠭᠡᠪᠦᠷᠢ ᠶᠢᠨ ᠵᠥᠪᠰᠢᠶᠡᠷᠡᠯ ᠤᠨ ᠠᠵᠢᠯ ᠪᠣᠯᠤᠨ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠪᠦᠬᠦ ᠶᠠᠪᠤᠴᠠ ᠳᠤ ᠦᠨᠡᠯᠡᠯᠲᠡ ᠬᠢᠬᠦ ᠶᠢ ᠬᠡᠷᠡᠭᠵᠢᠭᠦᠯᠪᠠ᠃ ᠪᠠᠰᠠ ᠲᠦᠷᠭᠡᠨ ᠤ ᠵᠠᠰᠠᠮᠠᠯ ᠵᠠᠮ ᠤᠨ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠮᠠᠰᠢᠨ ᠲᠡᠷᠭᠡ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号