ᠪᠠᠶ ᠬᠠᠶ ᠯᠢᠨ ᠡᠵᠡᠨ᠎ᠡ ᠬᠤᠰᠢᠭᠤᠨ ᠳᠤ ᠬᠦᠷᠴᠦ ᠬᠤᠶᠠᠷ ᠶᠡᠭᠡ ᠰᠠᠭᠤᠷᠢᠨ ᠭᠠᠵᠠᠷ ᠲᠤ ᠦᠢᠯᠡᠴᠢᠯᠡᠭᠡ ᠪᠠᠲᠤᠯᠠᠭ᠎ᠠ ᠬᠠᠩᠭᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 25᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠳ᠋ᠥᠩᠹᠧᠩ ᠰᠠᠨᠰᠠᠷ ᠤᠨ ᠠᠶᠠᠯᠠᠯ ᠬᠤᠲᠠ ᠳᠤ ᠬᠦᠷᠴᠦ᠂ ᠬᠤᠶᠠᠷ ᠶᠡᠭᠡ ᠰᠠᠭᠤᠷᠢᠨ ᠭᠠᠵᠠᠷ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠠᠵᠢᠯ ᠢ ᠪᠠᠶᠢᠴᠠᠭᠠᠨ ᠰᠣᠳᠣᠯᠪᠠ᠃
1.jpg
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳ᠋ᠥᠩᠹᠧᠩ ᠰᠠᠨᠰᠠᠷ ᠤᠨ ᠠᠶᠠᠯᠠᠯ ᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ ᠪᠣᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠤ᠂ ᠪᠠᠶ ᠬᠠᠶ ᠯᠢᠨ ᠠᠵᠢᠯᠲᠠᠨ ᠤ ᠲᠣᠬᠢᠷᠠᠭᠤᠯᠤᠯᠲᠠ᠂ ᠬᠠᠮᠢᠶᠠᠷᠤᠯᠲᠠ ᠵᠢᠴᠢ ᠬᠤᠶᠠᠷ ᠶᠡᠭᠡ ᠰᠠᠭᠤᠷᠢᠨ ᠭᠠᠵᠠᠷ ᠲᠤ ᠦᠢᠯᠡᠴᠢᠯᠡᠭᠡ ᠪᠠᠲᠤᠯᠠᠭ᠎ᠠ ᠬᠠᠩᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠶᠠᠷ ᠶᠡᠭᠡ ᠰᠠᠭᠤᠷᠢᠨ ᠭᠠᠵᠠᠷ ᠲᠤ ᠦᠢᠯᠡᠴᠢᠯᠡᠭᠡ ᠪᠠᠲᠤᠯᠠᠭ᠎ᠠ ᠬᠠᠩᠭᠠᠬᠤ ᠪᠣᠯ ᠠᠯᠠᠱᠠ ᠶᠢᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠪᠥᠬᠦ ᠲᠠᠯ᠎ᠠ ᠳᠤ ᠵᠣᠭᠰᠣᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠪᠠᠶᠢᠳᠠᠯ ᠢ ᠪᠠᠬᠢᠵᠢᠭᠦᠯᠬᠦ ᠬᠡᠷᠡᠭᠲᠡᠶ᠃ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠠ ᠲᠣᠬᠢᠶᠠᠯ ᠢ ᠠᠮᠵᠢᠵᠤ᠂ ᠤᠯᠤᠯᠴᠠᠭ᠎ᠠ ᠪᠠᠨ ᠴᠢᠩᠭᠠᠳᠬᠠᠵᠤ᠂ ᠰᠢᠨ᠎ᠡ ᠶᠢ ᠡᠭᠦᠳᠦᠨ ᠠᠵᠢᠯᠯᠠᠵᠤ᠂ ᠬᠠᠨᠳᠤᠯᠭᠠᠲᠤ ᠴᠢᠨᠠᠷ᠂ ᠬᠡᠷᠡᠭᠵᠢᠭᠦᠯᠬᠦ ᠴᠢᠨᠠᠷ ᠢᠶᠠᠷ ᠨᠡᠩ ᠴᠢᠩᠭ᠎ᠠ ᠪᠣᠳᠠᠲᠠᠢ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠢᠯᠳᠠᠨ ᠤ ᠣᠷᠣᠨ ᠲᠤᠭ᠎ᠠ ᠶᠢ ᠱᠠᠯᠠᠪᠳᠠᠨ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠢ ᠲᠣᠬᠢᠷᠠᠭᠤᠯᠵᠤ᠂ ᠴᠡᠷᠢᠭ ᠤᠨ ᠭᠡᠷ ᠪᠦᠯᠢ ᠶᠢᠨ ᠬᠢᠨ ᠳᠤ ᠠᠵᠢᠯ ᠣᠯᠭᠤᠬᠤ᠂ ᠦᠷ᠎ᠡ ᠬᠡᠦᠬᠡᠳ ᠤᠨ ᠬᠢᠨᠢ ᠴᠡᠴᠡᠷᠯᠢᠭ ᠲᠤ ᠣᠷᠣᠵᠤ ᠰᠤᠷᠭᠠᠭᠤᠯᠢ ᠳᠤ ᠰᠠᠭᠤᠬᠤ ᠠᠵᠢᠯ ᠢ ᠯᠠᠪᠳᠠᠭᠤᠨ ᠪᠠᠲᠤᠲᠠᠢ ᠬᠢᠵᠦ᠂ ᠳᠠᠷᠤᠭ᠎ᠠ ᠪᠠᠶᠢᠯᠳᠤᠭᠴᠢᠳ ᠤᠨ ᠬᠦᠴᠢᠷᠳᠡᠯ ᠢ ᠴᠢᠷᠮᠠᠶᠢᠨ ᠰᠢᠢᠳᠪᠦᠷᠢᠯᠡᠵᠦ ᠥᠭᠬᠦ ᠬᠡᠷᠡᠭᠲᠡᠢ ᠭᠡᠪᠡ᠃
2.jpg
     ᠲᠠᠷᠠᠭ᠎ᠠ ᠨᠢ᠂ ᠪᠠᠢ ᠬᠠᠢ ᠯᠢᠨ ᠨᠢᠭᠡᠨ ᠰᠠᠭᠤᠷᠢᠨ ᠭᠠᠵᠠᠷ ᠤᠨ ᠤᠯᠤᠰ ᠲᠦᠷᠦ ᠶᠢᠨ ᠬᠡᠯᠲᠡᠰ ᠤᠨ ᠳᠡᠳ᠋ ᠡᠷᠬᠢᠯᠡᠭᠴᠢ ᠸᠧᠢ ᠸᠧᠨ ᠯᠢ ᠲᠠᠢ ᠰᠠᠨᠠᠯ ᠢᠶᠠᠨ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠨᠳᠥᠷ ᠲᠡᠰ᠂ ᠥᠷᠭᠡᠨ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠰᠦᠪᠡᠭᠴᠢᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠢ ᠪᠠᠲᠣᠯᠠᠨ ᠦᠢᠯᠡᠴᠢᠯᠡᠬᠦ ᠪᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠳᠤ ᠬᠦᠴᠦ ᠪᠠᠨ ᠬᠠᠮᠲᠤᠳᠬᠠᠨ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠪᠡ᠃
3.jpg
     ᠸᠠᠩ ᠬᠠᠢ ᠢᠦᠢ᠂ ᠲᠠᠩ ᠬᠤᠩ ᠴᠢᠩ᠂ ᠴᠧᠨ ᠵᠢᠶᠦ᠋ᠨ ᠯᠠᠢ ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号