ᠪᠠᠶ ᠬᠠᠶ ᠯᠢᠨ ᠡᠵᠡᠨ᠎ᠡ ᠬᠤᠰᠢᠭᠤᠨ ᠳᠤ ᠬᠦᠷᠴᠦ ᠪᠣᠭᠤᠮᠲᠠ ᠶᠢᠨ ᠬᠥᠭᠵᠢᠯᠲᠡ ᠪᠣᠯᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/4/28
       4 ᠰᠠᠷ᠎ᠠ ᠶᠢᠨ 25᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠨᠡᠷ ᠡᠵᠡᠨ᠎ᠡ ᠬᠤᠰᠢᠭᠤᠨ ᠳᠤ ᠭᠦᠨᠵᠡᠭᠡᠶᠢᠷᠡᠨ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠣᠯᠤᠨ ᠥᠪᠥᠷ ᠮᠣᠩᠭᠤᠯ ᠤᠨ ᠪᠠᠷᠠᠭᠤᠨ ᠣᠷᠣᠨ ᠤ ᠡᠯᠡᠰᠦᠨ ᠴᠦᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠎ ᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
1.jpg
       ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ᠂ ᠪᠠᠢ ᠬᠠᠢ ᠯᠢᠨ ᠤᠷᠢᠳ ᠬᠤᠵᠢᠳ ᠪᠥᠸᠧ ᠶᠤᠸᠠᠨ ᠡᠨᠧᠷᠭᠢ ᠶᠢᠨ ᠬᠢᠵᠠᠭᠠᠷᠲᠤ ᠺᠣᠮᠫᠠᠨᠢ᠂ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠣᠷᠣᠨ᠂ ᠭᠠᠳᠠᠭᠠᠳᠤ ᠳᠤ ᠭᠠᠷᠭᠠᠬᠤ ᠪᠠᠷᠠᠭᠠᠨ ᠤ ᠭᠠᠶᠢᠯᠢ ᠶᠢ ᠪᠠᠲᠤᠯᠠᠬᠤ ᠬᠢᠨᠠᠯᠲᠠ ᠬᠠᠮᠢᠶᠠᠷᠤᠯᠲᠠ ᠶᠢᠨ ᠬᠥᠮᠥᠷᠭᠡ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠤᠨ ᠪᠣᠯᠤᠨ ᠴᠡᠭᠡ ᠬᠤᠳᠠᠯᠳᠤᠭᠠᠨ ᠤ ᠲᠠᠯᠠᠪᠤᠷ ᠲᠤ ᠭᠦᠨᠵᠡᠭᠡᠶᠢᠷᠡᠵᠦ᠂ ᠬᠢᠯᠢ ᠶᠢᠨ ᠠᠷᠠᠯᠵᠢᠶ᠎ᠠ᠂ ᠲᠦᠷᠦᠯ ᠵᠦᠢᠯ ᠤᠨ  ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠡᠷᠡ᠂ ᠴᠡᠭᠡ ᠪᠣᠭᠤᠮᠲᠠ ᠶᠢᠨ ᠣᠷᠣᠨ ᠪᠠᠶᠢᠷᠢ ᠶᠢᠨ ᠨᠥᠬᠦᠴᠡᠯ ᠳᠠᠪᠠᠭᠤᠯᠢᠭ᠂ ᠬᠥᠭᠵᠢᠯᠲᠡ ᠶᠢᠨ ᠳᠠᠯᠳᠠ ᠬᠦᠴᠦᠨ ᠶᠡᠭᠡ ᠲᠤᠯᠠ ᠨᠡᠭᠦᠷᠡᠰᠦᠨ ᠤ ᠡᠬᠢ ᠪᠠᠶᠠᠯᠢᠭ ᠢ ᠨᠠᠷᠢᠯᠢᠭ ᠪᠣᠯᠪᠠᠰᠤᠷᠠᠭᠤᠯᠬᠤ ᠪᠠ ᠪᠣᠳᠠᠲᠠᠶᠢᠵᠢᠭᠤᠯᠤᠨ ᠬᠤᠪᠢᠷᠠᠭᠤᠯᠬᠤ ᠶᠢ ᠴᠢᠩᠭᠠᠳᠬᠠᠵᠤ᠂ ᠢᠵᠢ ᠪᠦᠷᠢᠳᠦᠭᠦᠯᠦᠭᠰᠡᠨ ᠬᠢᠨᠠᠨ ᠬᠠᠮᠢᠶᠠᠷᠬᠤ ᠲᠥᠬᠦᠭᠡᠷᠦᠮᠵᠢ ᠪᠠ ᠠᠵᠤ ᠦᠢᠯᠡᠰ ᠤᠨ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠴᠡᠪᠡᠷᠰᠢᠭᠦᠯᠦᠨ ᠠᠰᠢᠭᠯᠠᠬᠤ ᠶᠢ ᠠᠬᠢᠭᠤᠯᠬᠤ ᠬᠡᠷᠡᠭᠲᠡᠢ᠃ ᠪᠣᠭᠤᠮᠲᠠ ᠶᠢᠨ ᠴᠢᠳᠡᠪᠬᠢ ᠶᠢ ᠤᠯᠠᠮ ᠲᠡᠭᠦᠯᠳᠡᠷᠵᠢᠭᠦᠯᠵᠦ᠂ ᠠᠷᠠᠯᠵᠢᠶᠠᠨ ᠤ ᠠᠷᠭ᠎ᠠ ᠬᠡᠯᠪᠡᠷᠢ ᠪᠠ ᠲᠥᠷᠥᠯ ᠵᠦᠢᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠢᠯᠢ ᠬᠢᠵᠠᠭᠠᠷ ᠣᠷᠣᠨ ᠤ ᠬᠤᠯᠪᠣᠭᠠᠯᠠᠨ ᠠᠵᠢᠯᠯᠠᠬᠤ ᠶᠢ ᠭᠦᠨᠵᠡᠭᠡᠶᠢᠷᠡᠭᠦᠯᠬᠦ ᠬᠡᠷᠡᠭᠲᠡᠶ᠃ ᠪᠣᠭᠤᠮᠲᠠ ᠶᠢᠨ ᠰᠠᠭᠤᠷᠢ ᠲᠥᠬᠦᠭᠡᠷᠦᠮᠵᠢ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ᠂ ᠦᠢᠯᠡᠴᠢᠯᠡᠭᠡᠨ ᠤ ᠠᠷᠠᠯᠵᠢᠶ᠎ᠠ᠂ ᠶᠡᠭᠡ ᠬᠡᠮᠵᠢᠶᠡᠨ ᠤ ᠲᠠᠸᠠᠷ ᠤᠨ ᠠᠷᠠᠯᠵᠢᠶ᠎ᠠ ᠵᠡᠷᠭᠡ ᠠᠵᠤ ᠦᠢᠯᠡᠰ ᠤᠨ  ᠬᠥᠭᠵᠢᠯᠲᠡ ᠶᠢ ᠠᠬᠢᠭᠤᠯᠵᠤ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ᠂ ᠠᠰᠠᠭᠤᠳᠠᠯ ᠭᠡᠮ ᠢ ᠴᠢᠩᠭ᠎ᠠ ᠪᠠᠶᠢᠴᠠᠭᠠᠨ ᠴᠡᠭᠴᠡᠯᠡᠨ ᠵᠠᠰᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠪᠡ᠃
2.jpg
3.jpg
       ᠪᠠᠷᠠᠭᠤᠨ ᠣᠷᠤᠨ ᠤ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠡᠵᠡᠨ᠎ᠡ ᠭᠤᠤᠯ ᠤᠨ ᠬᠡᠰᠡᠭ ᠣᠷᠣᠨ ᠳᠤ᠂ ᠪᠠᠶ ᠬᠠᠶ ᠯᠢᠨ ᠪᠠᠷᠢᠯᠭ᠎ᠠ ᠶᠢᠨ ᠠᠵᠢᠯ ᠤᠨ ᠪᠠᠶᠢᠭᠤᠯᠤᠯᠲᠠ᠂ ᠣᠶ ᠮᠣᠳᠣ ᠳᠠᠷᠢᠵᠤ ᠤᠷᠭᠤᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠪᠠᠷᠢᠯᠭ᠎ᠠ ᠶᠢᠨ ᠪᠠᠶᠢᠭᠤᠯᠤᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃ ᠲᠡᠷᠡ᠂ ᠡᠯ᠎ᠡ ᠬᠤᠰᠢᠭᠤ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠬᠠᠲᠠᠭᠤ ᠠᠷᠭ᠎ᠠ ᠬᠡᠮᠵᠢᠶ᠎ᠡ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠣᠭᠲᠠᠭᠰᠠᠨ ᠴᠠᠭ ᠲᠠᠭᠠᠨ   ᠪᠦᠲᠦᠭᠡᠨ ᠪᠠᠶᠢᠭᠤᠯᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠶ︔ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠠᠷᠢᠯᠭ᠎ᠠ ᠶᠢᠨ ᠠᠵᠢᠯ ᠤᠨ ᠪᠠᠶᠢᠭᠤᠯᠤᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠮᠠᠰᠢᠨ ᠲᠥᠬᠦᠭᠡᠷᠦᠮᠵᠢ ᠪᠠ ᠠᠵᠢᠯᠯᠠᠭᠴᠢ ᠶᠢ ᠨᠡᠮᠡᠵᠦ᠂ ᠪᠠᠷᠢᠯᠭ᠎ᠠ ᠶᠢᠨ ᠬᠤᠭᠤᠴᠠᠭ᠎ᠠ ᠶᠢ ᠳᠤᠭᠲᠠᠭᠠᠵᠤ᠂ ᠬᠤᠷᠳᠤᠴᠠ ᠪᠠᠨ ᠳᠡᠭᠡᠭᠰᠢᠯᠡᠭᠦᠯᠵᠦ᠂ ᠪᠠᠷᠢᠯᠭ᠎ᠠ ᠶᠢᠨ ᠪᠠᠶᠢᠭᠤᠯᠤᠯᠲᠠ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
4.jpg
       ᠪᠠᠢ ᠬᠠᠢ ᠯᠢᠨ ᠳ᠋ᠥᠩᠹᠧᠩ ᠪᠠᠯᠭᠠᠰᠤᠨ ᠤ ᠡᠬᠢᠨᠴᠠᠭᠠᠨ ᠭᠠᠴᠠᠭᠠᠨ ᠤ ᠮᠠᠯᠴᠢᠨ ᠪᠠᠲᠤᠵᠢᠷᠭᠠᠯ ᠤᠨ ᠭᠡᠷ ᠲᠤ ᠬᠦᠷᠴᠦ᠂ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠪᠣᠯᠤᠨ ᠮᠠᠯ ᠠᠵᠤ ᠠᠬᠤᠢ ᠶᠢᠨ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠭᠠᠩ ᠬᠠᠭᠰᠠᠷᠠᠭᠠᠨ ᠲᠠᠢ ᠲᠡᠮᠡᠴᠡᠬᠦ᠂ ᠨᠣᠣᠰᠣ ᠨᠣᠯᠤᠤᠷ ᠤᠨ ᠵᠠᠬ᠎ᠠ ᠳᠡᠯᠭᠡᠭᠦᠷ ᠤᠨ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠨ ᠠᠩᠬᠠᠷᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠢ ᠭᠡᠵᠦ ᠵᠠᠬᠢᠪᠠ᠃       ᠴᠧᠨ ᠵᠢᠶᠦ᠋ᠨ ᠯᠠᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号