ᠠᠶᠢᠮᠠᠭ ᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 25᠎ ᠤ ᠡᠳᠦᠷ ᠠᠴᠠ 26᠎ ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ᠂ ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠭᠡᠰᠢᠭᠦᠨ ᠤᠳᠤᠷᠢᠳᠬᠤ ᠨᠦᠬᠦᠷ ᠵᠢᠴᠢ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠣᠷᠣᠯᠴᠠᠪᠠ᠃
1.jpg
2.jpg
     ᠨᠣᠮ ᠤᠩᠰᠢᠬᠤ ᠠᠩᠭᠢ ᠨᠢ ᠲᠤᠰᠬᠠᠶ ᠮᠡᠷᠭᠡᠵᠢᠯᠲᠡᠨ ᠢᠶᠠᠷ ᠵᠢᠯᠣᠭᠤᠳᠣᠭᠤᠯᠬᠤ᠂ ᠲᠥᠪᠯᠡᠷᠡᠭᠦᠯᠦᠨ ᠰᠤᠷᠤᠯᠴᠠᠬᠤ ᠪᠠ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠥᠬᠦᠶ ᠤᠳᠤᠷᠢᠳᠬᠤ ᠨᠦᠬᠦᠷ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠴᠤ᠂ ︽ᠲᠦᠷᠢᠮ︾᠎ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠤᠯ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠲᠤᠳᠤᠷᠬᠠᠶᠢᠯᠠᠪᠠ᠃ ᠰᠤᠷᠤᠯᠴᠠᠯᠭ᠎ᠠ ᠳᠤ ᠣᠷᠣᠯᠴᠠᠭᠰᠠᠨ ᠠᠶᠢᠮᠠᠭ ᠤᠨ ᠱᠠᠲᠤᠨ ᠤ ᠤᠳᠤᠷᠢᠳᠬᠤ ᠺᠠᠳ᠋ᠷ ᠬᠤᠶᠠᠷ ᠡᠳᠦᠷ ᠤᠨ ᠴᠠᠭ ᠢ ᠠᠰᠢᠭᠯᠠᠨ ᠰᠡᠳᠬᠢᠯ ᠲᠠᠯᠪᠢᠨ ᠰᠤᠷᠤᠯᠴᠠᠨ ᠣᠶᠢᠯᠠᠭᠠᠵᠤ᠂ ︽ᠲᠦᠷᠢᠮ︾᠎ ᠢ ᠠᠭᠤᠯᠭ᠎ᠠ ᠵᠤᠷᠪᠤᠰ ᠢᠶᠠᠷ ᠨᠢ ᠰᠤᠷᠤᠯᠴᠠᠵᠤ᠂ ᠰᠤᠳᠤᠯᠤᠨ ᠶᠠᠷᠢᠯᠴᠠᠵᠤ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠨᠢᠭᠡ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠪᠠ ᠲᠥᠪ ᠴᠢᠩᠭ᠎ᠠ ᠨᠠᠮᠴᠢ ᠴᠢᠨᠠᠷ ᠤᠨ ᠳᠠᠪᠲᠠᠯᠲᠠ ᠶᠢ ᠬᠦᠯᠢᠶᠡᠪᠡ᠃ ᠪᠠᠢ ᠬᠠᠢ ᠯᠢᠨ᠂ ᠸᠠᠩ ᠸᠧᠢ ᠳ᠋ᠦᠩ᠂ ᠯᠦ ᠯᠢ ᠮᠢᠩ᠂ ᠸᠠᠩ ᠬᠠᠢ ᠢᠦᠢ᠂ ᠮᠥᠩᠬᠡ᠂ ᠵᠠᠩ ᠪᠦᠦ ᠴᠧᠩ᠂ ᠸᠧᠢ ᡁᠢ ᠭᠦᠸᠧ᠂ ᠯᠸᠢ ᠬᠠᠢ᠂ ᠵᠤᠤ ᠪᠦᠦ ᠵᠦ᠂ ᠭᠦᠸᠧ ᠴᠢᠤᠸᠠᠨ ᠶᠦᠨ᠂ ᠸᠠᠩ ᠺᠧ ᠸᠧᠢ 11 ᠨᠥᠬᠦᠷ ᠰᠠᠨᠠᠯ ᠢᠶᠠᠨ ᠰᠣᠯᠢᠯᠴᠠᠬᠤ ᠶᠠᠷᠢᠶ᠎ᠠ ᠬᠢᠪᠡ᠃
3.jpg
     ᠬᠤᠸᠠᠩ ᠶᠠ ᠯᠢ᠂ ᠰᠠᠬᠢᠯᠭ᠎ᠠ ᠪᠠᠲᠤ ᠪᠣᠯ ᠨᠠᠮ ᠤᠨ ᠠᠮᠢᠨ ᠰᠤᠳᠠᠰᠤ ᠮᠥᠨ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠦᠨᠳᠦᠰᠦᠨ ᠠᠴᠠ ᠨᠢ ᠵᠠᠰᠠᠬᠤ ᠪᠤᠳᠤᠯᠭ᠎ᠠ ᠮᠥᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠤᠯᠠᠮ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠦᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠵᠢᠭᠦᠯᠵᠦ᠂ ᠮᠡᠳᠡᠬᠦᠢ ᠬᠢᠬᠦᠢ ᠪᠠᠨ ᠮᠡᠳᠡᠬᠦ᠂ ᠵᠠᠷᠯᠢᠭ ᠴᠠᠭᠠᠵᠠ ᠶᠢ ᠲᠠᠭᠠᠬᠤ ᠬᠡᠷᠡᠭᠲᠡᠢ᠃ ︽ᠲᠦᠷᠢᠮ︾᠎ ᠤᠨ ᠭᠤᠣᠯ ᠵᠣᠷᠢᠯᠲᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾᠎ ᠶᠢᠨ ᠲᠣᠭᠲᠠᠭᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠲᠣᠳᠣᠷᠬᠠᠢ ᠣᠶᠢᠯᠠᠭᠠᠵᠤ᠂ ᠶᠠᠭᠤ ᠶᠢ ᠬᠢᠵᠦ ᠪᠣᠯᠬᠤ᠂ ᠶᠠᠭᠤ ᠶᠢ ᠬᠢᠵᠦ ᠪᠣᠯᠬᠤ ᠦᠭᠡᠢ ᠪᠠᠶᠢᠬᠤ ᠶᠢ ᠲᠣᠳᠣᠷᠬᠠᠢ ᠣᠶᠢᠯᠠᠭᠠᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠬᠢ ᠬᠦᠷᠦᠯᠴᠡᠬᠦ ᠦᠭᠡᠢ ᠲᠠᠯ᠎ᠠ ᠪᠣᠯᠤᠨ ᠠᠵᠢᠯ ᠤᠨ ᠳᠤᠮᠳᠠᠬᠢ ᠠᠰᠠᠭᠤᠳᠠᠯ ᠢ ᠬᠠᠷᠢᠴᠠᠭᠤᠯᠤᠨ ᠡᠷᠢᠵᠦ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠵᠠᠯᠠᠷᠠᠭᠤᠯᠬᠤ ᠬᠡᠷᠡᠭᠲᠡᠢ᠃ ᠠᠶᠢᠮᠠᠭ ᠤᠨ ᠱᠠᠲᠤᠨ ᠤ ᠤᠳᠤᠷᠢᠳᠬᠤ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠥᠯᠢᠭᠡᠷ ᠳᠠᠭᠤᠷᠢᠶᠠᠯ ᠪᠣᠯᠵᠣ᠂ ᠲᠦᠷᠦᠭᠦᠯᠡᠨ ᠤᠷᠢᠳᠠᠪᠠᠷ ᠭᠦᠨᠵᠡᠭᠡᠶ ᠰᠤᠷᠤᠯᠴᠠᠵᠤ᠂ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠮᠡᠳᠡᠵᠦ᠂ ᠰᠠᠬᠢᠯᠭ᠎ᠠ ᠪᠠᠲᠤ ᠶᠢ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠵᠢᠷᠭᠤᠭᠠᠨ ᠢᠨᠵᠧᠨᠧᠷᠢᠩ ᠢ ᠨᠠᠶᠢᠳᠠᠪᠤᠷᠢᠵᠢᠭᠤᠯᠬᠤ ᠪᠠ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠴᠢᠩᠭ᠎ᠠ ᠰᠠᠬᠢᠯᠭ᠎ᠠ ᠪᠠᠲᠤ ᠪᠠ ᠪᠣᠳᠠᠲᠠᠶ ᠰᠤᠷᠲᠠᠯ ᠢᠶᠠᠷ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号