ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/28
    4 ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠣᠷᠣᠨ ᠪᠦᠰᠡ ᠶᠢᠨ ᠪᠠᠶᠢᠯᠳᠤᠬᠤ ᠪᠤᠳᠤᠯᠭ᠎ᠠ ᠶᠢᠨ ᠠᠭᠤᠰᠤᠯᠴᠠᠨ ᠬᠥᠭᠵᠢᠬᠦ ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ ᠪᠠᠲᠤᠯᠠᠨ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠰᠦᠪᠯᠡᠵᠤ ᠲᠦᠯᠦᠪᠯᠡᠬᠦ ᠪᠠᠨ ᠴᠢᠩᠭᠠᠳᠬᠠᠨ᠂ ᠪᠦᠬᠦ ᠲᠠᠯ᠎ᠠ ᠪᠠᠷ ᠬᠤᠷᠳᠤᠴᠠ ᠪᠠᠨ ᠲᠦᠷᠭᠡᠳᠭᠡᠬᠦ ᠬᠡᠷᠡᠭᠲᠡᠢ ᠬᠡᠵᠥ ᠴᠢᠬᠤᠯᠠᠴᠢᠯᠠᠪᠠ᠃    ᠬᠤᠷᠠᠯ ᠠᠴᠠ᠂ ᠤᠯᠤᠰ ᠠᠴᠠ ᠥᠪᠥᠷ ᠮᠣᠩᠭᠤᠯ ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠳᠠᠪᠤᠷᠢᠵᠢᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ ᠪᠣᠯᠤᠨ ᠠᠵᠢᠯ ᠤᠨ ᠲᠣᠭᠲᠠᠴᠠ ᠶᠢ ᠬᠢᠨᠠᠨ ᠵᠥᠪᠯᠡᠵᠦ ᠪᠠᠲᠤᠯᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠲᠠᠢ ᠤᠶᠠᠯᠳᠤᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠳᠠᠷᠤᠶ ᠲᠦᠷᠭᠡᠨ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠨ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠰᠠᠨᠠᠯ ᠪᠣᠯᠤᠨ ᠬᠠᠮᠲᠤ ᠶᠢᠨ ᠤᠢ ᠰᠢᠭᠤᠢ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ ᠢ ᠰᠤᠳᠤᠯᠵᠤ᠂ ᠣᠶᠢᠲᠤ ᠭᠠᠵᠠᠷ᠂ ᠡᠪᠡᠰᠦ ᠪᠡᠯᠴᠢᠬᠡᠷ᠂ ᠲᠠᠷᠢᠶᠠᠨ ᠭᠠᠵᠠᠷ ᠤᠨ ᠦᠨᠳᠦᠰᠦᠨ ᠬᠡᠮᠵᠢᠶ᠎ᠠ ᠶᠢ ᠲᠣᠳᠣᠷᠬᠠᠢ ᠣᠶᠢᠯᠠᠭᠠᠵᠤ᠂ ᠤᠢ ᠰᠢᠭᠤᠢ ᠶᠢᠨ ᠠᠵᠤ ᠠᠬᠤᠢ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠵᠢᠯ ᠢ ᠠᠮᠢᠳᠤᠯᠢᠭ ᠬᠢᠵᠦ᠂ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠲᠠᠷᠢᠶᠠᠨ ᠭᠠᠵᠠᠷ ᠤᠨ ᠬᠠᠮᠠᠭᠠᠯᠠᠯᠳᠠ ᠶᠢ ᠴᠢᠩᠭᠠᠳᠬᠠᠵᠥ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠥ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ ᠢ ᠰᠤᠳᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠦᠨᠡᠨ ᠠᠴᠠ ᠵᠦᠪ ᠢ ᠡᠷᠢᠨ ᠰᠠᠶᠢᠳᠤᠷ ᠬᠢᠵᠦ᠂ ᠲᠠᠷᠢᠶᠠᠯᠠᠩ ᠤᠨ ᠠᠵᠤ ᠦᠢᠯᠡᠰᠵᠢᠯᠲᠡ ᠶᠢ ᠲᠦᠷᠭᠡᠳᠭᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠬᠡᠪᠯᠡᠯ ᠤᠨ ᠲᠥᠰᠦᠯ ᠪᠠ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠦᠲᠦᠭᠡᠬᠦ︾ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠣᠯᠠᠨ ᠲᠦᠮᠡᠨ ᠤ ᠨᠡᠶᠢᠭᠡᠮ ᠤᠨ ᠲᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠵᠦᠢᠯᠡᠰ ᠢ ᠭᠦᠢᠴᠡᠳᠭᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ᠂ ᠠᠵᠤ ᠠᠬᠤᠶᠢᠯᠠᠯ ᠤᠨ ᠲᠤᠰᠬᠠᠭᠰᠠᠨ ᠳᠠᠩᠰᠠᠯᠠᠭᠤᠯᠬᠤ᠂ ᠬᠤᠪᠢᠷᠠᠭᠤᠯᠬᠤ᠂ ᠳᠠᠩᠰᠠᠯᠠᠨ ᠲᠡᠮᠳᠡᠭᠯᠡᠬᠦᠯᠬᠦ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠥᠷᠢ ᠥᠭᠴᠡᠭᠡ ᠶᠢ ᠰᠢᠢᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠦᠷᠢᠨᠰᠢᠬᠦᠯᠬᠦ᠂ ︽ᠳᠥᠷᠪᠡᠨ ᠨᠢᠭᠡ ᠪᠦᠯᠦᠭ︾᠎ ᠤᠨ ᠥᠷᠢ ᠥᠭᠴᠡᠭᠡ ᠶᠢ ᠠᠷᠢᠯᠭᠠᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠵᠡᠷᠭᠡ ᠲᠥᠰᠦᠯ ᠢ ᠬᠢᠨᠠᠨ ᠵᠥᠪᠯᠡᠵᠦ ᠪᠠᠲᠤᠯᠠᠭᠠᠳ᠂ ᠡᠷᠴᠢᠮ ᠢᠶᠠᠨ ᠴᠢᠩᠭᠠᠷᠠᠭᠤᠯᠵᠤ ᠦᠨᠳᠦᠰᠦᠨ ᠱᠠᠲᠤ ᠶᠢ ᠬᠠᠪᠰᠤᠷᠤᠨ ᠥᠷᠢ ᠥᠭᠴᠡᠭᠡ ᠶᠢ ᠠᠷᠢᠯᠭᠠᠵᠥ᠂ ︽ᠨᠠᠢᠮᠠ ᠶᠢ ᠦᠯᠦ ᠵᠦᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠡᠨᠡ ᠵᠢᠯ ᠥᠷᠢ ᠥᠭᠴᠡᠭᠡ ᠶᠢᠨ ᠲᠦᠭᠰᠢᠭᠦᠷᠢ ᠶᠡᠬᠡᠲᠡᠶ ᠮᠤᠵᠢ ᠶᠢᠨ ᠡᠩᠨᠡᠭᠡ ᠠᠴᠠ ᠭᠠᠷᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠵᠠᠰᠠᠭ ᠤᠨ ᠣᠷᠳᠣᠨ ᠤ ᠬᠡᠰᠡᠭ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠨᠡᠶᠢᠭᠡᠮ ᠤᠨ ᠢᠲᠡᠭᠡᠮᠵᠢ ᠶᠢᠨ ᠲᠦᠷᠢᠮ᠂ ᠣᠯᠠᠨ ᠨᠡᠶᠢᠲᠡ ᠶᠢᠨ ᠭᠠᠯ ᠰᠡᠷᠬᠡᠶᠢᠯᠡᠵᠤ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ᠂ ᠤᠰᠤ ᠬᠦᠷᠦᠰᠦ ᠶᠢᠨ ᠬᠠᠮᠠᠭᠠᠯᠠᠯᠳᠠ ᠶᠢᠨ ᠲᠦᠷᠢᠮ ᠵᠡᠷᠭᠡ 3 ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠰᠤᠳᠤᠯᠵᠤ᠂ ᠲᠡᠷᠢᠭᠦᠨ ᠵᠡᠷᠬᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠂ ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠰᠦᠯ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠪᠠᠰᠠ ᠢᠳᠡᠭᠡᠨ ᠤ ᠠᠮᠤᠷ ᠲᠦᠪᠰᠢᠨ ᠤ ᠬᠢᠨᠠᠨ ᠰᠢᠯᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号