ᠪᠠᠶ ᠬᠠᠶ ᠯᠢᠨ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 28᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠤᠨ  ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠠᠮᠢ ᠠᠬᠤᠶ ᠶᠢᠨ ᠵᠠᠰᠠᠯᠲᠠ᠂ ᠠᠶᠤᠯᠭᠦᠶ ᠦᠢᠯᠡᠳᠪᠦᠷᠢᠯᠡᠯ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
1.jpg
     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠤᠯᠤᠰ ᠲᠥᠷᠥ ᠶᠢᠨ ᠲᠠᠯ᠎ᠠ ᠪᠠᠷ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠠᠰᠢᠭᠲᠠᠢ ᠵᠦᠢᠯ ᠣᠯᠠᠨ ᠪᠠᠶᠢᠨ᠎ᠠ᠃ ᠭᠦᠨᠵᠡᠭᠡᠢ ᠰᠤᠷᠤᠯᠴᠠᠨ ᠣᠶᠢᠯᠠᠭᠠᠵᠤ᠂ ᠭᠤᠣᠯ ᠠᠭᠤᠯᠭ᠎ᠠ ᠶᠢ ᠣᠨᠣᠪᠴᠢᠲᠠᠢ ᠡᠵᠡᠮᠰᠢᠵᠦ᠂ ᠦᠢᠯᠡᠳᠦᠯᠭᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠯᠢ ᠲᠦᠷᠭᠡᠨ ᠢᠶᠠᠷ ᠲᠦᠷᠦᠯ ᠵᠦᠢᠯ ᠪᠣᠯᠭᠠᠵᠤ᠂ ᠨᠡᠩ ᠤᠯᠠᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠮᠵᠢ ᠶᠢ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃
2.jpg
     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠥᠪ ᠠᠵᠢᠯ ᠤᠨ ᠪᠦᠲᠦᠮᠵᠢ ᠶᠢᠨ ᠦᠵᠡᠯᠲᠡ᠂ ᠬᠥᠭᠵᠢᠯᠲᠡ ᠶᠢᠨ ᠦᠵᠡᠯᠲᠡ᠂ ᠲᠣᠭᠠᠨ ᠤ ᠲᠤᠬᠠᠢ ᠦᠵᠡᠯᠲᠡ ᠶᠢ ᠪᠠᠲᠤ ᠪᠤᠢ ᠪᠣᠯᠭᠠᠵᠤ᠂ ᠲᠤᠰᠬᠠᠢ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠨ ᠵᠠᠯᠬᠠᠭᠠᠨ ᠰᠢᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠪᠠ ᠭᠠᠩ ᠲᠠᠢ ᠲᠡᠮᠡᠴᠡᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠣᠳᠠᠲᠣ ᠠᠷᠭ᠎ᠠ ᠪᠤᠳᠤᠯᠭ᠎ᠠ ᠬᠡᠷᠡᠭᠵᠢᠭᠦᠯᠵᠦ ᠬᠤᠬᠢᠷᠠᠯ ᠢ ᠪᠠᠭᠠᠰᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠳ᠋ ᠪᠣᠳᠠᠰ ᠤᠨ ᠪᠠᠲᠤᠯᠠᠭ᠎ᠠ᠂ ᠡᠪᠡᠰᠦ ᠪᠣᠷᠳᠤᠭᠠᠨ ᠤ ᠨᠦᠬᠡᠴᠡᠯᠡᠭᠡ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ᠂ ᠣᠬᠠᠭᠤᠯᠭ᠎ᠠ ᠵᠢᠯᠤᠭᠤᠳᠤᠯᠭ᠎ᠠ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠢ ᠰᠢᠭᠤᠢ ᠨᠤᠲᠤᠭ ᠪᠡᠯᠴᠢᠭᠡᠷ ᠤᠨ ᠲᠤᠶᠢᠮᠡᠷ ᠢ ᠴᠢᠩᠭ᠎ᠠ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ︽ᠳᠥᠷᠪᠡᠨ ᠲᠠᠯ᠎ᠠ︾᠎ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠠᠬᠢᠭᠤᠯᠵᠤ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ᠂ ᠭᠠᠯ ᠤᠨᠲᠠᠷᠠᠭᠠᠬᠤ᠂ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ︽ᠶᠢᠰᠦᠨ ᠪᠠᠭ᠎ᠠ ᠲᠠᠯᠠᠪᠤᠷ︾᠎ ᠤᠨ ᠠᠶᠤᠯ ᠲᠦᠭᠰᠢᠭᠦᠷᠢ ᠶᠢ ᠪᠠᠶᠢᠴᠠᠭᠠᠵᠤ᠂ ᠳᠠᠯᠳᠠ ᠭᠡᠮ ᠢ ᠰᠢᠢᠳᠪᠦᠷᠢᠯᠡᠵᠦ᠂ ᠵᠢᠭᠤᠯᠴᠢᠯᠠᠯ ᠤᠨ ᠠᠮᠤᠷ ᠲᠦᠪᠰᠢᠨ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ︽5 · 1︾᠎ ᠤ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ᠂ ᠥᠪᠥᠷ ᠮᠣᠩᠭᠤᠯ ᠤᠨ ᠪᠠᠷᠠᠭᠤᠨ ᠣᠷᠣᠨ ᠤ ᠡᠯᠡᠰᠦᠨ ᠴᠦᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠤᠨ ᠠᠬᠢᠴᠠ ᠶᠢ ᠠᠬᠢᠭᠤᠯᠵᠤ᠂ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠭᠦᠷᠭᠡ ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠤᠷᠤᠭᠰᠢ ᠠᠬᠢᠭᠤᠯᠬᠤ ᠬᠡᠷᠡᠭᠲᠡᠢ᠃ ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠪᠦᠦ ᠶᠧ᠂ ᠯᠢᠦ ᠳ᠋ᠧ᠂ ᠯᠢᠦ ᠴᠥᠩ ᠰᠢᠶᠤᠤ᠂ ᠯᠢᠦ ᠳ᠋ᠧ ᠼᠦᠢ ᠬᠤᠷᠠᠯ ᠳᠤ ᠣᠷᠣᠯᠴᠠᠪᠠ᠃ ᠡᠯ᠎ᠠ ᠬᠤᠰᠢᠭᠤ ᠣᠷᠣᠨ ᠳᠤ ᠬᠤᠪᠢᠶᠠᠷᠢ ᠲᠠᠯᠠᠪᠠᠢ ᠲᠤᠭᠢᠷᠠᠭᠤᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号