ᠠᠯᠠᠱᠠ ᠠᠶᠢᠮᠠᠭ ᠤᠨ 2024 ᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 28᠎ ᠤ ᠡᠳᠦᠷ᠂ ᠠᠯᠠᠱᠠ ᠠᠶᠢᠮᠠᠭ ᠤᠨ 2024 ᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠪᠠᠶᠠᠨᠬᠤᠲᠠ ᠳᠤ ᠬᠤᠷᠠᠯᠳᠤᠪᠠ᠃ ᠲᠣᠰ ᠤᠳᠠᠭᠠᠨ ᠤ ᠶᠡᠭᠡ ᠬᠤᠷᠠᠯ ᠨᠢ ︽ᠰᠡᠳᠬᠢᠯ ᠢ ᠬᠤᠷᠤᠶᠢᠯᠠᠭᠰᠠᠨ ᠠᠯᠠᠱᠠ ᠨᠣᠲᠤᠭ ᠢ ᠵᠣᠷᠢᠶ᠎ᠠ︾ ᠭᠤᠤᠯ ᠰᠡᠳᠦᠪ ᠤᠨ ᠲᠣᠭᠤᠷᠢᠨ ᠳᠤ᠂ ᠰᠣᠶᠣᠯ ᠵᠢᠭᠤᠯᠴᠢᠯᠠᠯ ᠢᠶᠠᠷ ᠵᠠᠭᠤᠴᠢ ᠪᠣᠯᠭᠠᠵᠤ᠂ ᠬᠠᠮᠲᠤᠷᠠᠯᠴᠠᠭ᠎ᠠ ᠪᠠᠷ ᠰᠢᠵᠢᠮ ᠪᠣᠯᠭᠠᠵᠤ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶ ᠲᠥᠰᠦᠪᠯᠡᠯ ᠢᠶᠠᠷ ᠵᠢᠯᠣᠭᠤᠳᠣᠯᠭ᠎ᠠ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠨᠡᠶᠢᠯᠡᠮᠡᠯ ᠬᠦᠴᠦᠨ ᠢ ᠤᠯᠠᠮ ᠨᠢᠭᠲᠠᠷᠠᠭᠤᠯᠵᠤ᠂ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠬᠠᠮᠲᠤᠷᠠᠯᠴᠠᠭᠠᠨ ᠤ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠭᠦᠨᠵᠡᠭᠡᠶᠢᠷᠡᠭᠦᠯᠦᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠤᠤᠯᠳᠠᠯᠭ᠎ᠠ ᠲᠠᠢ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠢ ᠪᠣᠯᠭᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠡᠭᠡ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ ᠬᠤᠷᠠᠯ ᠢ ᠡᠷᠭᠢᠯᠡᠪᠡ᠃
1.jpg
     ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠢᠷᠭᠠᠢ ᠬᠤᠲᠠ᠂ ᠭᠠᠨᠰᠦ ᠮᠤᠵᠢ ᠶᠢᠨ ᠵᠢᠦᠴᠢᠦᠸᠠᠨ ᠬᠤᠳᠠ᠂ ᠵᠠᠩ ᠶᠧ ᠬᠤᠳᠠ᠂ ᠬᠥᠬᠡᠨᠠᠭᠤᠷ ᠮᠤᠵᠢ ᠶᠢᠨ ᠬᠠᠶᠢᠰᠢ ᠶᠢᠨ ᠮᠣᠩᠭᠤᠯ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ᠂ ᠥᠪᠥᠷ ᠮᠣᠩᠭᠤᠯ ᠤᠨ ᠦᠬᠠᠢ ᠬᠤᠳᠠ ᠵᠡᠷᠭᠡ 5 ᠬᠤᠳᠠ ᠵᠧᠦ ᠶᠢᠨ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠠᠢ ᠬᠠᠮᠲᠤ ᠪᠠᠷ ᠰᠣᠶᠣᠯ ᠵᠢᠭᠤᠯᠴᠢᠯᠠᠯ ᠤᠨ ᠨᠥᠬᠦᠷᠰᠡᠭ ᠬᠤᠳᠠ ᠶᠢ ᠡᠭᠦᠳᠦᠨ ᠪᠠᠶᠢᠭᠤᠯᠬᠤ ᠲᠤᠯᠭᠠᠭᠤᠷᠢ ᠶᠢ ᠭᠡᠷᠡᠯᠳᠦᠬᠦᠯᠪᠡ᠃
2.jpg
     ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠶᠡᠭᠡ ᠬᠤᠷᠠᠯ ᠳᠤ ᠣᠷᠣᠯᠴᠠᠭᠰᠠᠨ ᠤᠳᠤᠷᠢᠳᠤᠯᠭ᠎ᠠ᠂ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠪᠠᠶ ᠬᠠᠶ ᠯᠢᠨ᠂ ᠠᠯᠠᠱᠠ ᠠᠶᠢᠮᠠᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠣᠳᠣᠨ ᠮᠡᠴᠢᠳ ᠮᠡᠲᠦ ᠲᠦᠭᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠠᠮᠢ ᠠᠬᠤᠶ ᠶᠢᠨ ᠰᠢᠰᠲ᠋ᠧᠮ ᠪᠠᠶᠠᠯᠢᠭ᠂ ᠪᠠᠶᠢᠭᠠᠯᠢ ᠶᠢᠨ ᠦᠵᠡᠮᠵᠢ᠂ ᠲᠡᠤᠬᠡ ᠶᠢᠨ ᠦᠯᠡᠳᠡᠭᠳᠡᠯ᠂ ᠴᠡᠷᠢᠭ ᠤᠨ ᠶᠠᠪᠤᠳᠠᠯ ᠰᠠᠨᠰᠠᠷ ᠤᠨ ᠠᠶᠠᠯᠠᠯ᠂ ᠬᠤᠪᠢᠰᠬᠠᠯ ᠤᠨ ᠰᠣᠶᠣᠯ᠂ ᠦᠨᠳᠦᠰᠦᠲᠡᠨ ᠤ ᠵᠠᠩ ᠠᠭᠠᠯᠢ ᠵᠡᠷᠭᠡ ᠣᠯᠠᠨ ᠵᠦᠢᠯ ᠤᠨ ᠵᠢᠭᠤᠯᠴᠢᠯᠠᠯ ᠤᠨ ᠡᠯᠧᠮᠧᠨ᠋ᠲ ᠬᠠᠷᠢᠯᠴᠠᠨ ᠬᠠᠪᠰᠤᠷᠤᠯᠴᠠᠵᠤ ᠪᠠᠶᠢᠬᠤ ᠪᠥᠭᠡᠳ ᠮᠠᠰᠢ ᠣᠯᠠᠨ  ︽ᠬᠠᠮᠤᠭ ᠤᠨ ᠨᠡᠷᠡᠲᠦ ︾᠂ ︽ᠦᠪᠡᠷᠮᠢᠴᠡ ᠨᠠᠷᠠᠲᠤ︾ ᠪᠠᠶᠢᠨ᠎ᠠ᠃ ᠠᠯᠠᠱᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠥᠪᠡᠷᠮᠢᠴᠡ᠂ ᠠᠵᠠ ᠲᠣᠬᠢᠶᠠᠯ ᠣᠯᠳᠠᠬᠤᠶ᠎ᠠ ᠪᠡᠷᠬᠡ ᠪᠠᠶᠢᠵᠤ᠂ ᠬᠥᠭᠵᠢᠯᠲᠡ ᠶᠢᠨ ᠰᠡᠳᠬᠢᠴᠡ ᠲᠣᠳᠣᠷᠬᠠᠢ᠂ ᠬᠠᠷᠠᠯᠲᠠ ᠲᠣᠭᠲᠠᠭᠠᠭᠳᠠᠵᠤ᠂ ᠠᠵᠤ ᠦᠢᠯᠡᠰ ᠦᠷᠨᠢᠭᠦᠨ ᠬᠦᠭᠵᠢᠵᠦ᠂ ᠠᠷᠠᠯᠵᠢᠶᠠᠴᠢᠨ ᠢ ᠬᠦᠰᠡᠵᠦ᠂ ︽ᠰᠣᠶᠣᠯ ᠵᠢᠭᠤᠯᠴᠢᠯᠠᠯ ᠢ ᠶᠡᠬᠡᠪᠡᠷ ᠠᠳᠬᠤᠵᠤ ᠬᠦᠭᠵᠢᠭᠦᠯᠬᠦ︾᠎ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠬᠤᠰᠢᠭᠤ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠠᠪᠠᠭᠤᠯᠢᠭ ᠢᠶᠠᠨ ᠪᠠᠳᠠᠷᠠᠭᠤᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠡᠬᠢ ᠪᠠᠶᠠᠯᠢᠭ᠂ ᠣᠷᠣᠨ ᠪᠠᠶᠢᠷᠢ᠂ ᠠᠵᠤ ᠦᠢᠯᠡᠰ᠂ ᠲᠦᠷᠦ ᠶᠢᠨ ᠪᠤᠳᠤᠯᠭ᠎ᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠷᠭᠦᠯᠵᠢᠯᠡᠨ ᠬᠦᠴᠦᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠯᠠᠱᠠ ᠶᠢᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠤᠨ ᠠᠯᠳᠠᠨ ᠦᠰᠦᠭᠲᠦ ᠫᠠᠶᠢᠰᠠ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠵᠣᠷᠢᠭᠲᠠᠶ ᠪᠠᠷ ᠰᠡᠳᠬᠢᠵᠦ᠂ ᠰᠢᠨ᠎ᠡ ᠶᠢ ᠡᠭᠦᠳᠦᠨ ᠠᠵᠢᠯᠯᠠᠵᠤ᠂ ︽ᠬᠤᠶᠠᠷ ᠶᠡᠭᠡ ᠶᠠᠪᠤᠳᠠᠯ︾᠎ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠲᠣᠰ ᠪᠡᠶ᠎ᠡ ᠶᠢᠨ ᠳᠠᠪᠠᠭᠤᠯᠢᠭ ᠪᠠ ᠬᠥᠭᠵᠢᠯᠲᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ︽ᠵᠢᠭᠤᠯᠴᠢᠯᠠᠯ ᠤᠨ ᠳᠥᠷᠪᠡᠨ ᠭᠠᠵᠠᠷ︾᠎ ᠤᠨ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠭᠤᠯᠤᠭᠳᠠᠬᠤᠨ ᠲᠠᠢ ᠂ ᠴᠢᠨᠠᠷ ᠴᠢᠨᠰᠠᠭ᠎ᠠ ᠲᠠᠢ᠂ ᠬᠠᠯᠠᠭᠤᠨ ᠳᠤᠯᠠᠭᠠᠨ᠂ ᠬᠠᠶᠢᠷ᠎ᠠ ᠰᠡᠳᠬᠢᠯᠭᠡ ᠲᠠᠢ︾ ᠵᠢᠭᠤᠯᠴᠢᠯᠠᠯ ᠢ  ᠪᠣᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠡᠭᠦᠳᠴᠦ᠂ ᠰᠢᠨ᠎ᠡ ᠦᠢᠯᠡᠳᠬᠦᠨ ᠢ ᠡᠭᠦᠳᠦᠨ ᠪᠠᠶᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ᠰᠢᠨ᠎ᠡ ᠨᠠᠷᠠᠲᠤ ᠲᠡᠮᠳᠡᠭᠲᠦ ᠶᠢ ᠠᠯᠳᠠᠷᠰᠢᠭᠤᠯᠵᠤ᠂ ᠠᠯᠠᠱᠠ ᠶᠢ ︽ᠳᠤᠮᠳᠠᠳᠤ ᠤᠯᠤᠰ ᠤᠨ ᠡᠯᠡᠰᠦᠨ ᠴᠦᠯ ᠤᠨ ᠵᠢᠭᠤᠯᠴᠢᠯᠠᠯ ᠤᠨ ᠨᠢᠭᠡᠳᠦᠭᠡᠷ IP︾ ︽ᠳᠡᠯᠡᠬᠡᠶ ᠶᠢᠨ ᠲᠠᠰ ᠤᠨ ᠡᠯᠡᠰᠦᠨ ᠴᠦᠯ ᠤᠨ ᠵᠢᠭᠤᠯᠴᠢᠯᠠᠯ ᠤᠨ ᠵᠣᠷᠢᠭᠰᠠᠨ ᠭᠠᠵᠠᠷ ᠪᠠ ᠰᠡᠯᠡᠭᠦᠴᠡᠯ ᠠᠮᠠᠷᠠᠯᠲᠠ ᠶᠢᠨ ᠬᠡᠪ ᠳᠠᠭᠤᠷᠢᠶᠠᠯ︾ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ ᠨᠡᠭᠡᠭᠡᠯᠲᠡᠲᠡᠢ ᠬᠠᠮᠲᠤᠷᠠᠯᠴᠠᠵᠤ᠂ ᠬᠠᠮᠲᠤ ᠪᠠᠷ ᠠᠰᠢᠭ ᠭᠥᠷᠳᠡᠵᠦ᠂ ᠣᠷᠣᠨ ᠤ ᠳᠣᠲᠣᠷ᠎ᠠ ᠭᠠᠳᠠᠨᠠᠬᠢ ᠡᠯ᠎ᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠬᠦᠷᠢᠶᠡᠨ ᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠦᠢᠯᠡᠴᠢᠯᠡᠭᠡᠨ ᠤ ᠭᠠᠵᠠᠷ᠂ ᠪᠦᠯᠬᠦᠮ ᠵᠡᠷᠭᠡ ᠣᠷᠣᠨ ᠨᠤᠲᠤᠭ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ᠂ ᠰᠦᠯᠵᠢᠶᠡᠨ ᠤ ᠣᠳᠣᠨ ᠵᠡᠷᠭᠡ ᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠡᠷᠬᠡ ᠲᠡᠭᠰᠢ᠂ ᠦᠨᠡᠨᠴᠢ ᠢᠲᠡᠭᠡᠮᠵᠢᠲᠡᠶ᠂ ᠬᠠᠤᠯᠢ ᠪᠠᠷ ᠵᠠᠰᠠᠬᠤ᠂ ᠥᠨᠳᠥᠷ ᠪᠦᠲᠦᠮᠵᠢᠲᠡᠶ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠵᠤ᠂ ᠪᠥᠬᠦ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢ ᠰᠡᠳᠬᠢᠯ ᠳᠡᠯᠪᠢᠨ ᠰᠠᠶᠢᠲᠤᠷ ᠬᠢᠵᠦ ᠂ ᠨᠠᠩ ᠥᠨᠳᠥᠷ ᠲᠠᠰ᠂ ᠥᠷᠭᠡᠨ ᠬᠦᠷᠢᠶᠡᠨ ᠤ ᠬᠠᠮᠲᠤᠷᠠᠯᠴᠠᠭ᠎ᠠ ᠶᠢ ᠠᠬᠢᠭᠤᠯᠬᠤ ᠳᠤ ᠰᠠᠭᠤᠷᠢ ᠶᠢ ᠰᠠᠶᠢᠲᠤᠷ ᠲᠠᠯᠪᠢᠵᠤ᠂ ᠨᠥᠬᠦᠴᠡᠯ ᠡᠭᠦᠳᠴᠦ᠂ ᠰᠣᠶᠣᠯ ᠵᠢᠭᠤᠯᠴᠢᠯᠠᠯ  ᠤᠨ ᠠᠵᠤ ᠦᠢᠯᠡᠰ ᠎ ᠤᠨ ᠴᠢᠨᠠᠷ ᠰᠠᠶᠢᠲᠠᠶ ᠬᠥᠭᠵᠢᠯᠲᠡ ᠎ ᠶᠢᠨ ᠰᠢᠨ᠎ᠡ ᠬᠠᠭᠤᠳᠠᠰᠤ  ᠶᠢ ᠬᠦᠴᠦ ᠎ ᠪᠠᠨ ᠬᠠᠮᠲᠤᠳᠬᠠᠨ ᠪᠢᠴᠢᠭᠯᠡᠬᠦ ᠬᠡᠷᠡᠭᠲᠡᠢ ᠭᠡᠪᠡ᠃
3.jpg
4.jpg
     ᠲᠣᠰ ᠤᠳᠠᠭᠠᠨ ᠤ ᠶᠡᠭᠡ ᠬᠤᠷᠠᠯ ᠨᠢ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶ ᠪᠠᠶᠢᠯᠳᠤᠬᠤ ᠪᠣᠳᠣᠯᠭ᠎ᠠ ᠶᠢᠨ ᠤᠬᠠᠭᠠᠯᠠᠭ᠎ᠠ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠮᠠᠨ ᠤ ᠠᠶᠢᠮᠠᠭ ᠤᠨ ᠡᠬᠢ ᠪᠠᠶᠠᠯᠢᠭ ᠤᠨ ᠳᠠᠪᠠᠭᠤᠯᠢᠭ ᠪᠠ ᠬᠠᠷᠠᠯᠲᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽469︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠷᠭ᠎ᠠ ᠵᠠᠮ ᠢ ᠲᠥᠰᠦᠪᠯᠡᠨ ᠳᠤᠷᠠᠳᠴᠠᠶ᠃ ᠲᠤᠬᠠᠶᠢᠯᠠᠪᠠᠯ᠂ ᠲᠣᠮᠣ ᠲᠥᠷᠥᠯ ᠵᠦᠢᠯ ᠢᠶᠠᠷ ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠬᠤ᠂ ᠲᠣᠮᠤ ᠢᠵᠢ ᠪᠦᠷᠢᠳᠦᠯᠲᠡ ᠪᠠᠷ ᠬᠦᠭᠵᠢᠯᠲᠡ ᠳᠤ ᠦᠢᠯᠡᠴᠢᠯᠡᠭᠡᠨ ᠬᠦᠲᠦᠯᠦᠨ ᠳᠠᠭᠠᠭᠤᠯᠬᠤ᠂ ᠲᠣᠮᠣ ᠲᠥᠷᠥᠯ ᠲᠡᠮᠳᠡᠭ ᠢᠶᠠᠷ ᠵᠠᠬ᠎ᠠ ᠳᠡᠯᠭᠡᠭᠦᠷ ᠤᠨ ᠬᠥᠭᠵᠢᠯᠲᠡ ᠶᠢ ᠬᠥᠲᠥᠯᠦᠨ ᠳᠠᠭᠠᠭᠤᠯᠬᠤ᠂ ᠶᠡᠭᠡ ᠨᠡᠭᠡᠭᠡᠯᠲᠡ ᠪᠠᠷ ᠣᠷᠣᠨ ᠪᠦᠰᠡ ᠶᠢᠨ ᠬᠥᠭᠵᠢᠯᠲᠡ ᠶᠢ ᠬᠥᠲᠥᠯᠦᠨ ᠳᠠᠭᠠᠭᠤᠯᠬᠤ ᠵᠡᠷᠭᠡ 4 ᠶᠡᠭᠡ ᠠᠷᠭ᠎ᠠ ᠪᠣᠳᠣᠯᠭ᠎ᠠ ᠶᠢ ᠤᠬᠠᠭᠠᠯᠠᠨ ᠳᠤᠷᠠᠳᠴᠤ᠂ ᠲᠥᠷᠥᠯ ᠵᠦᠢᠯ ᠢᠶᠠᠷ ᠲᠣᠮᠣ ᠣᠨᠴᠠᠭᠠᠢ ᠠᠵᠢᠯᠯᠠᠭ᠎ᠠ ᠶᠢ ᠬᠦᠲᠦᠯᠬᠦ᠂ ᠰᠣᠳᠣᠨ ᠵᠠᠮ ᠱᠤᠭᠤᠮ ᠢ ᠪᠠᠶᠢᠭᠤᠯᠬᠤ ᠠᠵᠢᠯᠯᠠᠭ᠎ᠠ᠂ ᠵᠢᠭᠤᠯᠴᠢᠯᠠᠯ ᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠪᠥᠲᠥᠭᠡᠨ ᠪᠠᠶᠢᠭᠤᠯᠬᠤ ᠠᠵᠢᠯᠯᠠᠭ᠎ᠠ᠂ ᠨᠠᠷᠠᠲᠤ ᠲᠡᠮᠳᠡᠭᠲᠦ ᠶᠢ ᠳᠡᠯᠭᠡᠷᠡᠭᠦᠯᠦᠨ ᠪᠣᠷᠣᠯᠠᠭᠤᠯᠬᠤ ᠠᠵᠢᠯᠯᠠᠭ᠎ᠠ᠂ ᠣᠷᠣᠨ ᠪᠦᠰᠡ ᠶᠢᠨ ᠨᠡᠭᠡᠭᠡᠯᠲᠡ ᠬᠢᠵᠦ ᠬᠠᠮᠲᠤᠷᠠᠯᠴᠠᠬᠤ ᠠᠵᠢᠯᠯᠠᠭ᠎ᠠ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠠᠵᠢᠯᠯᠠᠭ᠎ᠠ ᠵᠡᠷᠭᠡ 6 ᠶᠡᠭᠡ ᠠᠵᠢᠯᠯᠠᠭ᠎ᠠ ᠶᠢ ᠲᠥᠰᠦᠪᠯᠡᠵᠦ᠂ ᠪᠠᠶᠠᠨᠬᠤᠲᠠ ᠵᠢᠭᠤᠯᠴᠢᠯᠠᠯ ᠤᠨ ᠣᠷᠣᠨ᠂ ᠪᠠᠳᠠᠢ ᠶᠢᠨ ᠵᠢᠷᠠᠨ ᠤ ᠡᠯᠡᠰᠦᠨ ᠴᠥᠯ ᠤᠨ ᠵᠢᠭᠤᠯᠴᠢᠯᠠᠯ ᠤᠨ ᠣᠷᠣᠨ᠂ ᠡᠵᠡᠨ᠎ᠡ ᠬᠤᠰᠢᠭᠤᠨ ᠤ ᠲᠤᠤᠷᠠᠢ ᠶᠢᠨ ᠵᠢᠭᠤᠯᠴᠢᠯᠠᠯ ᠤᠨ ᠤᠷᠤᠨ᠂ ᠡᠯᠡᠰᠦᠨ ᠴᠥᠯ ᠤᠨ ᠪᠠᠶᠠᠰᠬᠤᠯᠠᠩᠲᠤ  ᠣᠷᠣᠨ᠂ ᠳ᠋ᠦᠩᠹᠧᠩ ᠰᠠᠨᠰᠠᠷ ᠤᠨ ᠠᠶᠠᠯᠠᠯ ᠤᠨ ᠬᠤᠲᠠ ᠰᠣᠶᠣᠯ ᠵᠢᠭᠤᠯᠴᠢᠯᠠᠯ ᠤᠨ ᠣᠷᠣᠨ᠂ ᠠᠯᠠᠱᠠ ᠠᠭᠤᠯᠠ ᠶᠢᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠣᠷᠣᠨ᠂ ᠲᠡᠭᠷᠢ ᠡᠯᠡᠰᠦᠨ ᠤ ᠬᠡᠭᠡᠷ᠎ᠡ ᠬᠤᠨᠣᠭᠯᠠᠬᠤ ᠵᠢᠭᠤᠯᠴᠢᠯᠠᠯ ᠤᠨ ᠣᠷᠤᠨ᠂ ᠤᠯᠠᠭᠠᠨᠪᠤᠬ᠎ᠠ— ᠦᠬᠠᠢ ᠨᠠᠭᠤᠷ ᠤᠨ ︽ᠡᠯᠡᠰᠦ ᠲᠤᠭᠤᠯᠬᠤ︾ ᠣᠷᠣᠨ ᠵᠢᠴᠢ ᠴᠡᠭᠡ ᠪᠣᠭᠤᠮᠲᠠ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ ᠣᠷᠣᠨ ᠵᠡᠷᠭᠡ 9 ᠶᠡᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠣᠷᠣᠨ ᠢ ᠪᠣᠶ ᠪᠣᠯᠭᠠᠵᠤ᠂ ᠥᠷᠭᠡᠨ ᠣᠯᠠᠨ ᠵᠢᠭᠤᠯᠴᠢᠯᠠᠭᠰᠠᠳ ᠲᠤ ᠨᠠᠩ ᠪᠠᠶᠠᠯᠢᠭ᠂ ᠣᠯᠠᠨ ᠡᠰᠢᠲᠦ᠂ ᠪᠣᠰᠤᠭ᠎ᠠ ᠴᠣᠭᠴᠠᠲᠤ ᠠᠯᠠᠱᠠ ᠶᠢ ᠦᠵᠡᠭᠦᠯᠪᠡ᠃
5.jpg
6.jpg
     ᠲᠣᠰ ᠤᠳᠠᠭᠠᠨ ᠤ ᠶᠡᠭᠡ ᠬᠤᠷᠠᠯ ᠠᠴᠠ ︽ᠪᠠᠭᠠᠲᠤᠷᠴᠤᠳ ᠠᠯᠠᠱᠠ ᠶᠢ ᠵᠤᠷᠢᠬᠤ︾᠂ ︽ᠬᠦᠰᠡᠯ ᠡᠷᠢᠯᠬᠢᠯᠡᠬᠦ ᠠᠶᠠᠨ︾᠂ ︽ᠣᠨᠴᠠᠯᠢᠭᠲᠤ ᠠᠮᠢᠳᠤᠷᠠᠯ︾᠂ ︽  ᠤᠶᠠᠩᠭ᠎ᠠ ᠶᠢᠨ ᠮᠢᠷᠠᠯᠵᠠᠭᠠᠨ︾᠂ ︽ᠲᠣᠷᠭᠠᠨ ᠵᠠᠮ ᠤᠨ ᠡᠷᠲᠡᠨ ᠤ ᠠᠶᠠᠯᠭᠤ︾᠂ ︽ᠡᠯᠡᠰᠦᠨ ᠳᠠᠯᠠᠢ ᠪᠠᠷ ᠵᠤᠭᠠᠴᠠᠬᠤ︾ ᠵᠡᠷᠭᠡ 6 ᠰᠣᠳᠣᠨ ᠵᠢᠭᠤᠯᠴᠢᠯᠠᠯ ᠤᠨ ᠵᠠᠮ ᠱᠤᠭᠤᠮ ᠪᠠ 2024 ᠣᠨ ᠤ ᠪᠥᠬᠦ ᠠᠶᠢᠮᠠᠭ ᠤᠨ 65 ᠲᠥᠷᠥᠯ ᠤᠨ 100 ᠵᠦᠢᠯ ᠤᠨ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠡᠶᠢᠲᠡᠯᠡᠵᠦ᠂ ᠡᠯ᠎ᠡ ᠬᠤᠰᠢᠭᠤ ᠣᠷᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠡᠨᠡ ᠵᠢᠯ᠂ ᠮᠠᠨ ᠤ ᠠᠶᠢᠮᠠᠭ ᠠᠯᠠᠱᠠ ᠶᠢᠨ ᠪᠠᠭᠠᠲᠤᠷᠴᠤᠳ ᠤᠨ ᠴᠣᠭᠯᠠᠭᠠᠨ᠂ ᠡᠵᠡᠨ᠎ᠡ ᠶᠢᠨ ᠠᠯᠲᠠᠨ ᠨᠠᠮᠤᠷ ᠤᠨ ᠲᠤᠤᠷᠠᠶ ᠶᠢᠨ ᠠᠮᠢ ᠠᠬᠤᠶ ᠰᠣᠶᠣᠯ ᠵᠢᠭᠤᠯᠴᠢᠯᠠᠯ ᠤᠨ ᠨᠠᠶᠢᠷ᠂ ᠪᠠᠳᠠᠢ ᠶᠢᠨ ᠵᠢᠷᠠᠨ ᠤ ᠡᠯᠡᠰᠦᠨ ᠴᠦᠯ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ᠂ ᠠᠯᠠᠱᠠ ᠶᠢᠨ ᠬᠠᠰ ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠵᠡᠷᠭᠡ ᠶᠢ ᠦᠷᠭᠦᠯᠵᠢᠯᠡᠨ ᠡᠷᠬᠢᠯᠡᠵᠦ᠂ ᠮᠠᠨ ᠤ ᠠᠶᠢᠮᠠᠭ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠢᠯᠡᠷᠡᠭᠦᠯᠵᠦ᠂ ᠬᠤᠳᠠ ᠶᠢᠨ ᠲᠦᠷᠦᠯ ᠲᠡᠮᠳᠡᠭ ᠢ ᠶᠡᠬᠡᠪᠡᠷ ᠳᠡᠯᠭᠡᠷᠡᠭᠦᠯᠵᠦ᠂ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠥᠷᠭᠡᠨ ᠢᠶᠠᠷ ᠲᠠᠲᠠᠵᠤ᠂ ᠨᠡᠩ ᠤᠯᠠᠨ ᠵᠤᠭᠠᠴᠠᠭᠰᠠᠳ᠂ ᠪᠡᠯᠡ ᠤᠷᠤᠭᠤᠯᠤᠭᠰᠠᠳ ᠢ ᠴᠤᠭᠯᠠᠷᠠᠭᠤᠯᠵᠤ ᠵᠤᠭᠠᠴᠠᠭᠤᠯᠤᠨ᠂ ᠪᠡᠯᠡ ᠣᠷᠣᠭᠤᠯᠤᠨ ᠦᠢᠯᠡᠰ ᠪᠤᠰᠬᠠᠵᠤ᠂ ︽ᠠᠯᠠᠱᠠ ᠶᠢ ᠵᠤᠷᠢᠬᠤ︾ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ ᠪᠦᠲᠦᠮᠵᠢᠲᠡᠢ ᠳᠡᠭᠡᠭᠰᠢᠯᠡᠭᠦᠯᠬᠦ ᠪᠣᠯᠤᠨ᠎ᠠ᠃     ᠲᠣᠰ ᠤᠳᠠᠭᠠᠨ ᠤ ᠶᠡᠭᠡ ᠬᠤᠷᠠᠯ ᠨᠢ 6 ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠬᠠᠮᠲᠤᠷᠠᠯᠴᠠᠭᠠᠨ ᠤ ᠲᠥᠷᠥᠯ ᠵᠦᠢᠯ ᠪᠠ ᠵᠣᠴᠢᠨ ᠤ ᠢᠷᠡᠯᠲᠡ ᠶᠢᠨ ᠵᠠᠬ᠎ᠠ ᠳᠡᠯᠭᠡᠭᠦᠷ ᠲᠠᠢ 6 ᠵᠢᠭᠤᠯᠴᠢᠯᠠᠯ ᠤᠨ ᠬᠤᠷᠢᠶ᠎ᠠ ᠲᠠᠢ ᠠᠮᠵᠢᠯᠲᠠ ᠲᠠᠢ ᠭᠡᠷ᠎ᠡ ᠲᠣᠭᠲᠠᠪᠠ᠃ ᠲᠤᠬᠠᠶ ᠶᠢᠨ ᠡᠳᠦᠷ᠂ ᠠᠯᠠᠱᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠠ 21 ᠠᠵᠤ ᠠᠬᠤᠶᠢᠯᠠᠯ ᠤᠨ ᠠᠪᠴᠢᠷᠠᠭᠰᠠᠨ 117 ︽ᠠᠯᠠᠱᠠ ᠶᠢᠨ ᠪᠡᠯᠡᠭ︾᠎ ᠢ ᠶᠡᠭᠡ ᠬᠤᠷᠠᠯ ᠤᠨ ᠠᠬᠤᠶ ᠲᠠᠯᠠᠪᠠᠶ ᠳᠤ ᠳᠡᠯᠭᠡᠨ ᠦᠵᠡᠭᠦᠯᠵᠦ᠂  ᠵᠣᠴᠢᠳ ᠲᠤ ᠠᠯᠠᠱᠠ ᠶᠢᠨ ᠰᠣᠶᠣᠯ ᠵᠢᠭᠤᠯᠴᠢᠯᠠᠯ  ᠤᠨ ᠠᠵᠤ ᠦᠢᠯᠡᠰ ᠎ ᠤᠨ ᠥᠷᠭᠡᠨ ᠠᠭᠤᠳᠠᠮ ᠢᠷᠡᠭᠡᠳᠦᠶ  ᠶᠢ ᠳᠡᠯᠭᠡᠨ ᠦᠵᠡᠭᠦᠯᠪᠡ᠃
7.jpg
8.jpg
     ᠠᠷᠠᠳ ᠤᠨ ᠡᠳᠦᠷ ᠤᠨ ᠰᠣᠨᠢᠨ᠂ ᠠᠵᠤ ᠠᠬᠤᠶ ᠶᠢᠨ ᠡᠳᠦᠷ ᠤᠨ ᠰᠣᠨᠢᠨ᠂ ᠰᠢᠨᠬᠤᠸᠠ ᠰᠦᠯᠵᠢᠶ᠎ᠡ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠵᠡᠷᠭᠡ ᠣᠯᠠᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠶᠡᠭᠡ ᠬᠤᠷᠠᠯ ᠢ ᠮᠡᠳᠡᠭᠡᠯᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号