︽ᠠᠯᠠᠱᠠ ᠠᠶᠢᠮᠠᠭ ᠤᠨ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/29
    ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠠᠶᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠤ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠪᠢᠴᠢᠭ ᠮᠠᠲ᠋ᠧᠷᠢᠶᠠᠯ ᠢ ᠲᠤᠭᠤᠷᠪᠢᠭᠰᠠᠨ ᠠᠬᠤᠶ ᠪᠠᠶᠢᠳᠠᠯ ᠵᠢᠴᠢ ᠦᠨᠳᠦᠰᠦᠯᠡᠯ    ᠶᠡᠷᠦᠩᠬᠡᠢ ᠱᠦᠵᠢ ᠰᠢ ᠶᠢᠨ ᠫᠢᠩ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠳᠤ ᠤᠯᠠᠨ ᠤᠳᠠᠭ᠎ᠠ ᠵᠢᠭᠠᠪᠤᠷᠢ ᠱᠠᠭᠠᠷᠳᠠᠯᠭ᠎ᠠ ᠳᠤᠷᠠᠳᠴᠠᠢ᠃ 2020 ᠣᠨ ᠤ 4 ᠰᠠᠷ᠎ᠠ ᠶᠢᠨ 27᠎ ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠰᠠᠨᠠᠯ︾᠎ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠤᠢᠢᠯᠠᠭᠠᠭᠳᠠᠬᠤᠨ ᠢ ᠪᠤᠢ ᠪᠣᠯᠭᠠᠵᠤ᠂ ᠵᠠᠯᠠᠭᠤᠴᠤᠳ ᠪᠠᠭᠠᠴᠤᠳ ᠤᠨ ᠰᠣᠶᠣᠯ ᠤᠨ ᠰᠤᠷᠤᠯᠴᠠᠯᠭ᠎ᠠ ᠪᠣᠯᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠤᠷᠤᠭᠴᠢᠳ ᠢ ᠬᠠᠪᠰᠤᠷᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤᠮᠳᠠ ᠪᠠᠶᠠᠷ ᠪᠠᠭ᠋ᠠᠳᠤᠯ ᠢ ᠡᠳ᠋ᠯᠡᠭᠦᠯᠵᠦ᠂ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠵᠠᠩ ᠴᠢᠨᠠᠷ ᠢ ᠪᠦᠷᠢᠨᠰᠢᠬᠦᠯᠵᠤ᠂ ᠵᠣᠷᠢᠭ ᠰᠠᠨᠠᠭ᠎ᠠ ᠶᠢ ᠨᠢ ᠳᠠᠪᠲᠠᠨ ᠪᠣᠯᠪᠠᠰᠤᠷᠠᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠢ ᠣᠨᠣᠪᠴᠢᠲᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠤ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾ ︵ᠳᠠᠮᠢᠷ ᠳᠠᠷᠬᠠᠭᠠᠭᠰᠠᠨ ﹇2020﹈ 1 ᠳ᠋ᠣᠭᠡᠷ ᠳᠣᠭᠠᠳᠣ︶ ᠪᠠ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠬᠤᠯᠪᠣᠭᠳᠠᠯ ᠪᠥᠬᠦᠶ ᠠᠶᠢᠮᠠᠭ ᠬᠤᠲᠠ ᠶᠢᠨ ᠠᠷᠭ᠎ᠠ ᠬᠢᠳᠡᠯ ᠢᠶᠠᠷ ᠲᠣᠯᠢ ᠪᠣᠯᠭᠠᠵᠤ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠯ᠎ᠡ ᠬᠤᠰᠢᠭᠤ ︵ᠣᠷᠣᠨ︶᠂ ᠲᠣᠪᠴᠢᠶ᠎ᠠ ᠶᠢᠨ ᠬᠠᠷᠢᠶ᠎ᠠ ᠬᠤᠯᠪᠣᠭᠳᠠᠯ ᠪᠥᠬᠦᠶ ᠨᠢᠭᠡᠴᠡ ᠪᠣᠯᠤᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠰᠠᠨᠠᠯ ᠢ ᠬᠤᠷᠢᠶᠠᠵᠤ᠂ ᠵᠦᠶ ᠵᠣᠬᠢᠰᠲᠠᠶ ᠰᠠᠨᠠᠭᠤᠯᠭ᠎ᠠ ᠶᠢ ᠠᠪᠴᠦ᠂ ᠮᠠᠨ ᠤ ᠠᠶᠢᠮᠠᠭ ᠤᠨ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶᠎ ᠢ ᠨᠠᠶᠢᠷᠠᠭᠤᠯᠪᠠ᠃    ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠬᠢᠨᠠᠨ ᠵᠥᠪᠯᠡᠵᠦ ᠪᠠᠲᠤᠯᠠᠭᠠᠳ᠂ 2024 ᠣᠨ ᠤ 3 ᠰᠠᠷ᠎ᠠ ᠶᠢᠨ 21᠎ ᠤ ᠡᠳᠦᠷ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠪᠠ᠃    ᠬᠤᠶᠠᠷ᠂ ︽ᠬᠡᠷᠡᠭᠵᠢᠭᠦᠯᠬᠦ ᠲᠥᠰᠦᠯ︾᠎ ᠤᠨ ᠦᠨᠳᠦᠰᠦᠨ ᠪᠦᠳᠦᠴᠡ ᠪᠠ ᠠᠭᠤᠯᠭ᠎ᠠ    ︽ᠬᠡᠷᠡᠭᠵᠢᠭᠦᠯᠬᠦ ᠲᠥᠰᠦᠯ︾᠎ ᠨᠢ ᠨᠡᠶᠢᠲᠡ ᠲᠤᠯᠤᠭᠠᠨ ᠬᠡᠰᠡᠭ ᠬᠤᠷᠢᠨ ᠭᠤᠷᠪᠠᠨ ᠵᠤᠷᠪᠤᠰ ᠪᠣᠶ᠃    ᠨᠢᠭᠡᠳᠦᠭᠡᠷ ᠬᠡᠰᠡᠭ ᠨᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠎ᠠ᠃ ᠡᠭᠦᠨ ᠳᠤ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠨᠡᠭᠡᠭᠡᠬᠦ᠂ ᠰᠤᠷᠤᠭᠴᠢᠳ ᠤᠨ ᠪᠡᠶ᠎ᠡ ᠮᠠᠬᠠᠪᠣᠳ ᠤᠨ ᠬᠡᠪ ᠪᠣᠯᠪᠠᠰᠤᠷᠠᠯ ᠢ ᠬᠥᠮᠦᠵᠢᠭᠦᠯᠦᠨ ᠳᠡᠭᠡᠭᠰᠢᠯᠡᠭᠦᠯᠬᠦ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠪᠠᠶᠠᠯᠢᠭᠵᠢᠭᠤᠯᠬᠤ᠂ ᠪᠡᠶ᠎ᠡ ᠶᠢᠨ ᠲᠠᠮᠢᠷ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠥᠭᠡᠷᠡᠴᠢᠯᠡᠯᠲᠡ ᠶᠢ ᠠᠬᠢᠭᠤᠯᠬᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠦᠨᠡᠯᠡᠯᠲᠡ ᠶᠢᠨ ᠥᠭᠡᠷᠡᠴᠢᠯᠡᠯᠲᠡ ᠶᠢ ᠠᠬᠢᠭᠤᠯᠬᠤ ᠵᠡᠷᠭᠡ 5 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠃    ᠬᠤᠶᠠᠳᠤᠭᠠᠷ ᠬᠡᠰᠡᠭ ᠨᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠭᠡᠳ ᠤᠷᠤᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠭᠦᠨ ᠳᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠲᠣᠭᠲᠠᠴᠠ ᠶᠢ ᠪᠠᠶᠢᠭᠤᠯᠬᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠬᠦ᠂ ᠵᠠᠯᠠᠭᠤᠴᠤᠳ ᠪᠠᠭᠠᠴᠤᠳ ᠤᠨ ᠪᠡᠶ᠎ᠡ  ᠶᠢᠨ ᠲᠠᠮᠢᠷ ᠎ ᠤᠨ ᠤᠷᠤᠯᠳᠤᠭᠠᠨ  ᠤ ᠰᠤᠷᠲᠠᠯ ᠤᠷᠤᠯᠳᠤᠭᠠᠨ ᠎ ᠤ ᠰᠠᠬᠢᠯᠭ᠎ᠠ ᠪᠠᠲᠤ ᠎ ᠶᠢ ᠬᠢᠨᠠᠨ ᠬᠠᠮᠢᠶᠠᠷᠬᠤ ᠲᠣᠭᠲᠠᠴᠠ  ᠶᠢ ᠴᠢᠩᠭᠠᠳᠬᠠᠬᠤ ᠵᠡᠷᠭᠡ 3 ᠵᠦᠢᠯ  ᠤᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃    ᠭᠤᠷᠪᠠᠳᠤᠭᠠᠷ ᠬᠡᠰᠡᠭ ᠨᠢ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠡᠭᠦᠨ ᠳᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ︽ᠰᠢᠯᠢᠳᠡᠭ ᠢ ᠰᠣᠩᠭᠤᠬᠤ ᠠᠵᠢᠯᠯᠠᠭ᠎ᠠ︾ ᠥᠷᠨᠢᠭᠦᠯᠬᠦ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠤᠨᠴᠠᠯᠢᠭᠳᠤ ᠰᠤᠷᠭᠠᠭᠤᠯᠢ ᠪᠠ ᠠᠯᠠᠱᠠ ᠠᠶᠢᠮᠠᠭ ᠤᠨ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ᠂ ᠪᠦᠷᠢᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠪᠠᠶᠢᠭᠤᠯᠤᠨ ᠪᠦᠷᠢᠨᠰᠢᠬᠦᠯᠬᠦ ᠵᠡᠷᠭᠡ 3 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠃    ᠳᠥᠷᠪᠡᠳᠦᠭᠡᠷ ᠬᠡᠰᠡᠭ ᠨᠢ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠭᠦᠨ ᠳᠤ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠰᠣᠶᠣᠯ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠵᠡᠷᠭᠡ 2 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠃    ᠲᠠᠪᠤᠳᠤᠭᠠᠷ ᠬᠡᠰᠡᠭ ᠨᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠤᠨ᠎ᠠ᠃ ᠡᠭᠦᠨ ᠳᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠳᠡᠮᠵᠢᠬᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠳᠡᠮᠵᠢᠵᠦ ᠰᠤᠷᠭᠠᠭᠤᠯᠢ ᠶᠢᠨ ᠬᠠᠮᠲᠤᠷᠠᠯᠴᠠᠭ᠎ᠠ ᠥᠷᠨᠢᠭᠦᠯᠬᠦ᠂ ᠠᠵᠢᠯ ᠲᠥᠷᠥᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ 3 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠃    ᠵᠢᠷᠭᠤᠳᠤᠭᠠᠷ ᠬᠡᠰᠡᠭ ᠨᠢ ᠪᠡᠶ᠎ᠡ ᠶᠢᠨ ᠲᠠᠮᠢᠷ ᠤᠨ ᠪᠠᠭᠰᠢ ᠪᠣᠯᠤᠨ ᠰᠤᠷᠭᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠭᠦᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ︵ᠰᠤᠷᠭᠠᠭᠴᠢ︶᠎ ᠶᠢ ᠨᠥᠬᠦᠪᠥᠷᠢᠯᠡᠬᠦ ᠡᠷᠴᠢᠮ ᠢ ᠴᠢᠩᠭᠠᠷᠠᠭᠤᠯᠬᠤ᠂ ᠪᠡᠶ᠎ᠡ ᠶᠢᠨ ᠲᠠᠮᠢᠷ ᠤᠨ ᠪᠠᠭᠰᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠬᠤ᠂ ᠪᠡᠶ᠎ᠡ ᠶᠢᠨ ᠲᠠᠮᠢᠷ ᠤᠨ ᠪᠠᠭᠰᠢ ︵ᠰᠤᠷᠭᠠᠭᠴᠢ︶᠎ ᠶᠢᠨ ᠣᠯᠭᠤᠮᠵᠢ ᠶᠢ ᠪᠠᠲᠤᠯᠠᠬᠤ ᠵᠡᠷᠭᠡ 3 ᠵᠦᠢᠯ ᠤᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃    ᠳᠣᠯᠣᠳᠤᠭᠠᠷ ᠬᠡᠰᠡᠭ ᠨᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠭᠦᠨ ᠳᠤ ᠨᠢᠭᠡᠳᠦᠯᠲᠡᠶ ᠲᠥᠯᠥᠪᠯᠡᠨ ᠤᠳᠤᠷᠢᠳᠬᠤ ᠶᠢ ᠴᠢᠩᠭᠠᠳᠬᠠᠬᠤ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠬᠠᠭᠤᠯᠭ᠎ᠠ ᠶᠢ ᠴᠢᠩᠭᠠᠳᠬᠠᠬᠤ᠂ ᠬᠢᠨᠠᠨ ᠵᠢᠯᠣᠭᠤᠳᠴᠤ ᠦᠨᠡᠯᠡᠬᠦ ᠲᠣᠭᠲᠠᠴᠠ ᠶᠢ ᠪᠦᠷᠢᠨᠰᠢᠭᠦᠯᠬᠦ ᠵᠡᠷᠭᠡ 4 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠃          
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号