ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ · ᠭᠢᠷᠢᠨ ᠮᠤᠵᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠵᠦ ᠬᠤᠶᠠᠷ ᠮᠤᠵᠢ ᠣᠷᠣᠨ ᠤ ᠵᠠᠰᠠᠭ ᠤᠨ ᠣᠷᠳᠣᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ
ᠨᠡᠶᠢᠲᠡᠯᠡᠭᠰᠡᠨ ᠴᠠᠭ᠄
2024/4/29
    4 ᠰᠠᠷ᠎ᠠ ᠶᠢᠨ 26᠎ ᠤ ᠡᠳᠦᠷ᠂ ᠭᠢᠷᠢᠨ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ᠂ ᠬᠤᠶᠠᠷ ᠮᠤᠵᠢ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠭᠠᠷ ᠬᠤᠯᠪᠣᠨ ᠠᠬᠢᠭᠤᠯᠬᠤ ᠪᠠᠷ ᠪᠤᠯᠪᠠ᠃ ᠲᠤᠰ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ · ᠬᠢᠷᠢᠨ ᠮᠤᠵᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠤᠩ᠂ ᠬᠢᠷᠢᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠢᠩ ᠵᠢᠶᠦ᠋ᠨ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠣᠯᠤᠨ ᠬᠢᠷᠢᠨ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠮᠤᠵᠢ ᠶᠢᠨ ᠳᠠᠷᠤᠭ᠎ᠠ ᠬᠤ᠋ ᠢᠦᠢ ᠲᠢᠩ ᠲᠤᠰ ᠲᠤᠰ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠬᠤᠶᠠᠷ ᠮᠤᠵᠢ ᠣᠷᠣᠨ ᠤ ᠵᠠᠰᠠᠭ ᠤᠨ ᠣᠷᠳᠣᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃    ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠬᠢᠷᠢᠨ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠬᠢᠷᠢᠨ ᠮᠤᠵᠢ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠦᠵᠡᠭᠦᠯᠦᠭᠰᠡᠨ ᠳᠡᠮᠵᠢᠯᠭᠡ ᠪᠣᠯᠤᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠥᠪᠥᠷ ᠮᠣᠩᠭᠤᠯ ᠪᠣᠯᠤᠨ ᠬᠢᠷᠢᠨ ᠴᠥᠮ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠦᠷᠢᠶᠡᠨ ᠳᠤ ᠬᠠᠷᠢᠶᠠᠯᠠᠭᠳᠠᠵᠤ᠂ ᠤᠯᠤᠰ ᠤᠨ ︽ᠲᠠᠪᠤᠨ ᠶᠡᠭᠡ ᠠᠮᠤᠷ ᠲᠦᠪᠰᠢᠨ︾᠎ ᠢ ᠬᠠᠮᠠᠭᠠᠯᠠᠬᠤ ᠲᠡᠦᠬᠡᠲᠦ ᠡᠭᠦᠷᠭᠡ ᠶᠢ ᠬᠠᠮᠲᠤ ᠪᠠᠷ ᠡᠭᠦᠷᠭᠡᠯᠡᠵᠦ ᠪᠠᠶᠢᠨ᠎ᠠ᠃ ᠬᠢᠷᠢᠨ ᠪᠣᠳᠠᠲᠤ ᠴᠣᠭᠴᠠ ᠶᠢᠨ ᠠᠵᠤ ᠠᠬᠤᠢ ᠳᠤ ᠲᠦᠰᠢᠭᠯᠡᠨ ᠬᠦᠭᠵᠢᠵᠤ᠂ ᠮᠠᠨ ᠤ ᠤᠯᠤᠰ ᠤᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠬᠢᠷᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠠ ᠲᠣᠬᠢᠶᠠᠯ ᠢ ᠠᠮᠵᠢᠵᠤ᠂ ᠯᠠᠪᠳᠠᠭᠤᠨ ᠪᠠᠲᠤᠲᠠᠢ ᠰᠢᠷᠭᠠᠭᠤ ᠠᠵᠢᠯᠯᠠᠵᠤ᠂ ᠬᠢᠷᠢᠨ ᠤ ᠬᠥᠭᠵᠢᠯ ᠮᠠᠨᠳᠤᠯ ︽ᠳᠡᠭᠡᠭᠰᠢᠯᠡᠬᠦ ᠬᠤᠭᠤᠴᠠᠭ᠎ᠠ︾ ᠪᠣᠯᠤᠨ ︽ᠲᠦᠷᠭᠡᠨ ᠤ ᠵᠠᠮ︾᠎ ᠳᠤ ᠣᠷᠣᠬᠤ ᠶᠢ ᠠᠬᠢᠭᠤᠯᠪᠠ᠃ ᠭᠢᠷᠢᠨ ᠮᠤᠵᠢ ᠶᠢᠨ ᠣᠯᠤᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠪᠠ ᠣᠳᠣᠬᠠᠨ ᠤ ᠰᠠᠶᠢᠨ ᠪᠠᠶᠢᠳᠠᠯ ᠳᠤ ᠪᠢᠳᠡ ᠴᠢᠩ ᠰᠡᠳᠭᠢᠯ ᠠᠴᠠ ᠪᠠᠨ ᠪᠠᠶᠠᠷᠯᠠᠵᠤ᠂ ᠪᠢᠰᠢᠷᠡᠵᠦ ᠪᠠᠶᠢᠨ᠎ᠠ᠃ ᠣᠳᠣᠬᠠᠨ ᠳᠤ᠂ ᠥᠪᠥᠷ ᠮᠣᠩᠭᠤᠯ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠰᠢᠷᠭᠠᠭᠤ ᠬᠠᠲᠠᠭᠤᠵᠢᠯᠲᠠᠢ ᠪᠠᠷ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠤᠷᠤᠬᠤ ᠪᠠᠷ ᠴᠤᠴᠠᠯᠳᠠ ᠦᠭᠡᠢ ᠤᠷᠤᠭᠰᠢᠯᠠᠵᠤ ᠪᠠᠶᠢᠨ᠎ᠠ᠃ ᠡᠨᠡ ᠵᠢᠯ ᠪᠢᠳᠡ ︽ᠲᠠᠪᠤᠨ ᠶᠡᠭᠡ ᠡᠭᠦᠷᠭᠡ︾᠎ ᠶᠢᠨ ᠪᠠᠶᠢᠷᠢᠯᠠᠭᠤᠯᠤᠯᠲᠠ ᠶᠢ ᠪᠡᠶᠡᠯᠡᠭᠦᠯᠬᠦ ᠶᠢᠨ ᠲᠤᠭᠤᠷᠢᠨ ᠳᠤ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠦᠭᠡᠳ ᠢᠳᠡᠪᠬᠢᠲᠡᠢ ᠦᠷ᠎ᠡ ᠪᠦᠲᠦᠮᠵᠢ ᠣᠯᠵᠠᠢ᠃ ᠤᠷᠳᠤ ᠬᠤᠭᠤᠴᠠᠭᠠᠨ ᠤ ᠲᠤᠷᠰᠢ᠂ ᠥᠪᠥᠷ ᠮᠣᠩᠭᠤᠯ ᠪᠣᠯᠤᠨ ᠬᠢᠷᠢᠨ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠵᠤ ᠢᠷᠡᠵᠡᠢ᠂ ᠢᠷᠡᠭᠡᠳᠦᠢ ᠶᠢ ᠪᠠᠷᠠᠯᠠᠬᠤᠶ᠎ᠠ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠣᠷᠣᠨ ᠵᠠᠢ ᠥᠷᠭᠡᠨ ᠠᠭᠤᠳᠠᠮ ᠪᠠᠶᠢᠨ᠎ᠠ᠂ ᠢᠯᠠᠩᠭᠤᠶ᠎ᠠ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ᠂ ᠬᠤᠶᠠᠷ ᠭᠠᠵᠠᠷ ᠤᠨ ᠬᠠᠮᠲᠤ ᠪᠠᠷ ᠬᠢᠵᠤ ᠪᠤᠯᠬᠤ ᠶᠠᠪᠤᠳᠠᠯ ᠮᠠᠰᠢ ᠤᠯᠠᠨ ᠪᠤᠢ᠃ ᠪᠢᠳᠡ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠦᠳᠦᠭᠦᠪᠴᠢ ᠵᠦᠪᠯᠡᠯᠴᠡᠭᠡᠷ ᠤᠨ ᠠᠭᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠬᠠᠮᠲᠤᠷᠠᠯᠴᠠᠭ᠎ᠠ ᠠᠴᠠ ᠭᠠᠳᠠᠨ᠎ᠠ᠂ ᠪᠢᠳᠡ ᠪᠠᠰᠠ ᠰᠠᠨᠠᠭᠠᠴᠢᠯᠠᠭ᠎ᠠ ᠠᠴᠠ ᠪᠠᠨ ᠭᠢᠷᠢᠨ ᠮᠤᠵᠢ ᠠᠴᠠ ᠰᠤᠷᠤᠯᠴᠠᠵᠤ᠂ ᠭᠢᠷᠢᠨ ᠮᠤᠵᠢ ᠶᠢᠨ ᠮᠠᠯ ᠠᠵᠤ ᠠᠬᠤᠶ ᠲᠠᠷᠢᠶᠠᠯᠠᠩ᠂ ᠵᠢᠭᠤᠯᠴᠢᠯᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠲᠥᠪ ᠪᠠ ᠣᠷᠣᠨ ᠨᠤᠲᠤᠭ ᠤᠨ ᠬᠠᠮᠲᠤᠷᠠᠯᠴᠠᠭ᠎ᠠ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ᠂ ᠰᠠᠶᠢᠨ ᠲᠣᠭᠲᠠᠴᠠ ᠪᠠᠷ ᠲᠣᠯᠢ ᠪᠣᠯᠭᠠᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠤᠨ᠎ᠠ ᠭᠡᠪᠡ᠃    ᠵᠢᠩ ᠵᠢᠶᠦ᠋ᠨ ᠬᠠᠶ ᠭᠢᠷᠢᠨ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠣᠷᠳᠣ ᠬᠤᠭᠤᠴᠠᠭᠠᠨ ᠤ ᠲᠤᠷᠰᠢ ᠭᠢᠷᠢᠨ ᠮᠤᠵᠢ ᠳᠤ ᠳᠡᠮᠵᠢᠯᠭᠡ ᠬᠠᠪᠰᠤᠷᠤᠯᠭ᠎ᠠ ᠦᠵᠡᠭᠦᠯᠦᠭᠰᠡᠨ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠥᠪᠥᠷ ᠮᠣᠩᠭᠤᠯ ᠤᠨ ᠡᠬᠢ ᠪᠠᠶᠠᠯᠢᠭ ᠡᠯᠪᠡᠭ᠂ ᠥᠩᠭᠡ ᠦᠵᠡᠮᠵᠢ ᠰᠦᠷᠯᠢᠭ ᠰᠠᠶᠢᠬᠠᠨ᠂ ᠣᠷᠣᠨ ᠪᠠᠶᠢᠷᠢ ᠥᠪᠡᠷᠮᠢᠴᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠳᠤ ᠴᠢᠬᠤᠯᠠ ᠪᠠᠶᠢᠷᠢ ᠰᠠᠭᠤᠷᠢ ᠲᠠᠢ ᠶᠤᠮ᠃ ᠡᠳᠡᠭᠡᠷ ᠵᠢᠯ ᠳᠤ᠂ ᠥᠪᠥᠷ ᠮᠣᠩᠭᠤᠯ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠥᠮᠦᠰ ᠤᠨ ᠠᠩᠬᠠᠷᠤᠯ ᠢ ᠲᠠᠲᠠᠭᠰᠠᠨ ᠰᠢᠯᠢᠳᠡᠭ ᠬᠢᠷᠢ ᠪᠦᠲᠦᠮᠵᠢ ᠣᠯᠤᠭᠰᠠᠨ ᠨᠢ ᠥᠪᠥᠷ ᠮᠣᠩᠭᠤᠯ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠴᠡᠭᠡᠵᠢ ᠳᠦᠷᠢᠨ ᠤᠷᠤᠭᠰᠢᠯᠠᠬᠤ ᠤᠯᠤᠰ ᠲᠥᠷᠥ ᠶᠢᠨ ᠵᠣᠭᠰᠣᠴᠠ᠂ ᠰᠢᠨ᠎ᠡ ᠵᠡᠮ ᠢ ᠵᠤᠷᠢᠭᠳᠠᠢ ᠨᠡᠭᠡᠭᠡᠬᠦ᠂ ᠵᠣᠷᠢᠭ ᠰᠢᠭᠤᠳᠤᠨ ᠳᠠᠪᠠᠭ᠋ᠤ ᠣᠮᠤᠭ ᠵᠣᠷᠢᠭ᠂ ᠬᠢᠵᠠᠭᠠᠷ ᠦᠭᠡᠢ ᠠᠭᠤᠳᠠᠮᠴᠢ ᠪᠠᠭᠳᠠᠭᠠᠮᠵᠢ ᠲᠠᠢ᠂ ᠨᠡᠭᠡᠭᠡᠯᠲᠡᠲᠡᠶ ᠪᠠᠭᠲᠠᠭᠠᠮᠵᠢᠲᠠᠶ ᠠᠭᠤᠳᠠᠮ ᠬᠠᠷᠠᠭ᠎ᠠ᠂ ᠴᠢᠩ ᠦᠨᠡᠨᠴᠢ ᠪᠠᠷ ᠪᠦᠯᠬᠦᠮᠳᠡᠵᠦ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠮᠠᠨᠳᠤᠭᠤᠯᠬᠤ ᠬᠠᠲᠠᠭᠤ ᠡᠭᠦᠷᠭᠡᠯᠡᠯ᠂ ᠪᠣᠷᠣᠭᠵᠢᠭᠤᠨ ᠲᠥᠪᠯᠡᠭᠦᠨ᠂ ᠰᠢᠨᠲᠠᠷᠠᠰᠢ ᠦᠭᠡᠢ ᠵᠠᠩ ᠴᠢᠨᠠᠷ ᠬᠠᠶᠢᠷ᠎ᠠ ᠰᠡᠳᠭᠢᠯᠭᠡ ᠶᠢ ᠢᠯᠡ ᠳᠤᠳᠤ ᠬᠠᠷᠠᠭᠤᠯᠪᠠ᠃ ᠭᠢᠷᠢᠨ ᠦᠪᠦᠷ ᠮᠤᠩᠭᠤᠯ ᠬᠤᠶᠠᠷ ᠮᠤᠵᠢ ᠣᠷᠣᠨ ᠠᠭᠤᠯᠠ ᠤᠰᠤ ᠪᠠᠷ ᠢᠶᠠᠨ ᠵᠠᠯᠭᠠᠯᠳᠤᠵᠤ᠂ ᠰᠣᠶᠣᠯ ᠢᠷᠭᠡᠨᠰᠢᠯ ᠤᠶᠢᠷ᠎ᠠ ᠳᠣᠲᠣᠨᠣ ᠪᠠᠶᠢᠵᠤ᠂ ᠤᠯᠠᠨ ᠵᠢᠯ ᠤᠨ ᠲᠤᠷᠰᠢ ᠡᠯ᠎ᠡ ᠲᠠᠯ᠎ᠠ ᠶᠢᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠡᠨᠡ ᠤᠳᠠᠭ᠎ᠠ ᠪᠢᠳᠡ ᠥᠪᠥᠷ ᠮᠣᠩᠭᠤᠯ ᠳᠤ ᠢᠷᠡᠵᠦ ᠬᠥᠷᠰᠢ ᠵᠡᠷᠭᠡᠯᠡᠳᠡᠭᠡ ᠪᠠᠨ ᠡᠷᠬᠢᠨ ᠦᠵᠡᠵᠦ᠂ ᠵᠣᠯᠭᠠᠯᠴᠠᠭ᠎ᠠ ᠶᠢ ᠠᠬᠢᠭᠤᠯᠵᠤ᠂ ᠲᠡᠷᠢᠭᠦᠨ ᠤ ᠬᠢ ᠪᠠᠷ ᠪᠠᠷᠢᠮᠵᠢᠶᠠᠯᠠᠨ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠤᠷᠤᠯᠴᠠᠬᠤ ᠪᠠᠷ ᠪᠠᠷᠠᠬᠤ ᠥᠬᠡᠶ ᠨᠠᠩ ᠴᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ ᠬᠤᠶᠠᠷ ᠲᠠᠯ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠠᠴᠢ ᠡᠨᠡᠷᠢᠯ ᠳᠤ ᠳᠠᠯᠠᠷᠬᠠᠵᠤ ᠪᠦᠯᠬᠦᠮᠳᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲᠤᠮ ᠤᠨ ᠪᠠᠶᠢᠭᠤᠯᠤᠯᠲᠠ᠂ ᠰᠢᠨ᠎ᠡ ᠡᠨᠧᠷᠭᠢ ᠶᠢᠨ ᠬᠥᠭᠵᠢᠯᠲᠡ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠂ ᠠᠮᠢ ᠠᠬᠤᠢ ᠣᠷᠴᠢᠨ ᠲᠣᠭᠤᠷᠢᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠷᠠᠯᠴᠠᠭ᠎ᠠ ᠰᠣᠯᠢᠯᠴᠠᠭ᠎ᠠ ᠪᠠᠨ ᠲᠤᠭᠳᠠᠴᠠᠵᠢᠭᠤᠯᠤᠨ ᠠᠬᠢᠭᠤᠯᠵᠤ᠂ ᠬᠠᠮᠲᠤᠷᠠᠯᠴᠠᠭᠠᠨ ᠤ ᠵᠦᠪᠯᠡᠯᠴᠡᠭᠡᠷ ᠢ ᠲᠦᠷᠦᠯ ᠵᠦᠢᠯᠵᠢᠭᠦᠯᠦᠨ ᠨᠠᠶᠢᠳᠠᠪᠤᠷᠢᠵᠢᠭᠤᠯᠵᠤ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠤᠯᠠᠨ ᠡᠰᠢᠵᠢᠭᠦᠯᠦᠨ ᠥᠷᠭᠡᠳᠭᠡᠵᠦ᠂ ᠭᠢᠷᠢᠨ ᠥᠪᠥᠷ ᠮᠣᠩᠭᠤᠯ ᠤᠨ ᠬᠠᠮᠲᠤᠷᠠᠯᠴᠠᠭᠠᠨ ᠤ ︽ᠳᠡᠰ ᠳᠡᠪᠰᠢᠭᠰᠡᠨ ᠵᠠᠭᠪᠤᠷ︾᠎ ᠢ ᠬᠦᠴᠦᠯᠡᠨ ᠴᠣᠭᠴᠠᠯᠠᠵᠤ᠂ ᠤᠯᠤᠰ ᠤᠨ ︽ᠲᠠᠪᠤᠨ ᠶᠡᠭᠡ ᠠᠮᠤᠷ ᠲᠦᠪᠰᠢᠨ︾᠎ ᠢ ᠲᠣᠭᠲᠠᠭᠤᠨ ᠢᠶᠠᠷ ᠬᠠᠮᠠᠭᠠᠯᠠᠬᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃    ᠬᠤᠷᠠᠯ ᠤᠨ ᠳᠠᠷᠠᠭ᠎ᠠ᠂ ᠬᠤᠶᠠᠷ ᠮᠤᠵᠢ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠭᠠᠵᠠᠷ ᠣᠷᠣᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ᠂ ᠮᠤᠩ ᠰᠢᠶᠠᠨ ᠳ᠋ᠦᠩ᠂ ᠬᠤᠸᠠᠩ ᡁᠢ ᠴᠢᠶᠠᠩ ᠂ ᠢᠦᠢ ᠯᠢ ᠰᠢᠨ᠂ ᠶᠤᠤ ᠶᠦᠩ ᠪᠥᠸᠧ᠂ ᠶᠠᠩ ᠶᠢᠨ᠂ ᠵᠠᠩ ᠪᠠᠢ ᠴᠧᠩ᠂ ᠰᠦᠨ ᠵᠢᠶᠦ᠋ᠨ ᠴᠢᠩ᠂ ᠬᠢᠷᠢᠨ ᠮᠤᠵᠢ ᠶᠢᠨ ᠤᠳᠤᠷᠢᠳᠤᠯᠭ᠎ᠠ ᠬᠤ᠋ ᠵᠢᠶᠠ ᠹᠦ᠋᠂ ᠼᠠᠢ ᠳ᠋ᠦᠩ᠂ ᠵᠠᠩ ᠧᠨ ᠬᠤᠢ᠂ ᠯᠢ ᠸᠧᠢ᠂ ᠯᠢ ᠭᠦᠸᠧ ᠴᠢᠶᠠᠩ᠂ ᠶᠠᠩ ᠠᠨ ᠳ᠋ᠢ᠂ ᠬᠤᠶᠠᠷ ᠮᠤᠵᠢ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠶᠢᠮᠠᠭ ᠬᠤᠳᠠ ᠲᠣᠭᠤᠷᠢᠭ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号