ᠰᠦᠨ ᠱᠤᠤ ᠴᠧᠩ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/4/29
    4 ᠰᠠᠷ᠎ᠠ ᠶᠢᠨ 27᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠦᠷᠴᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ ᠢ ᠲᠣᠭᠤᠷᠢᠨ ᠦᠵᠡᠪᠡ᠃    ᠲᠣᠰ ᠤᠳᠠᠭᠠᠨ ᠤ ᠦᠵᠡᠰᠭᠦᠯᠡᠩ ᠳᠤ ᠨᠡᠶᠢᠲᠡ 195 ᠬᠤᠪᠢ ᠪᠦᠲᠦᠭᠡᠯ ᠢ ᠳᠡᠯᠭᠡᠨ ᠦᠵᠡᠭᠦᠯᠵᠦ᠂ ᠤᠷᠠᠨ ᠪᠢᠴᠢᠯᠭᠡ᠂ ᠲᠠᠮᠠᠭ᠎ᠠ ᠰᠡᠶᠢᠯᠦᠮᠡᠯ ᠵᠢᠴᠢ ᠬᠢᠲᠠᠳ ᠵᠢᠷᠤᠭ᠂ ᠲᠣᠰᠣᠨ ᠪᠤᠳᠤᠭ ᠤᠨ ᠵᠢᠷᠤᠭ᠂ ᠱᠤᠭᠤᠮᠠᠯ᠂ ᠤᠰᠤᠨ ᠪᠤᠳᠤᠭ ᠤᠨ ᠵᠢᠷᠤᠭ ᠵᠡᠷᠭᠡ ᠲᠦᠷᠦᠯ ᠵᠦᠢᠯ ᠤᠨ ᠤᠷᠠᠯᠢᠭ ᠤᠨ ᠪᠦᠲᠦᠭᠡᠯ ᠢ ᠬᠠᠮᠤᠷᠴᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠳᠣ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠵᠢᠴᠢ ᠠᠬ᠎ᠠ ᠳᠡᠭᠦᠦ ᠶᠢᠨ ᠬᠠᠶᠢᠷ᠎ᠠ ᠰᠡᠳᠭᠢᠯᠭᠡ ᠭᠦᠨ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠪᠠᠶᠢᠭᠠᠳ ᠪᠦᠷᠢᠯᠳᠦᠭᠰᠡᠨ ︽ᠰᠣᠶᠣᠯ ᠤᠨ ᠲᠠᠯ᠎ᠠ ᠪᠠᠷ ᠠᠳᠠᠯᠢ ᠪᠤᠰᠤ ᠵᠦᠢᠯ ᠢᠶᠠᠨ ᠰᠢᠩᠭᠡᠭᠡᠵᠦ᠂ ᠠᠵᠤ ᠠᠬᠤᠶ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠵᠦ᠂ ᠬᠠᠶᠢᠷ᠎ᠠ ᠰᠡᠳᠭᠢᠯᠭᠡ ᠶᠢᠨ ᠲᠠᠯ᠎ᠠ ᠪᠠᠷ ᠬᠠᠷᠢᠯᠴᠠᠨ ᠳᠣᠲᠣᠨᠣ︾ ᠪᠠᠶᠢᠬᠤ ᠰᠠᠶᠢᠨ ᠰᠠᠶᠢᠬᠠᠨ ᠦᠵᠡᠮᠵᠢ ᠪᠠᠶᠢᠳᠠᠯ ᠢ ᠤᠷᠠᠯᠢᠭ ᠤᠨ ᠬᠡᠯᠪᠡᠷᠢ ᠪᠠᠷ ᠪᠢᠴᠢᠭᠯᠡᠵᠦ ᠵᠢᠷᠤᠭᠯᠠᠭᠰᠠᠨ ᠪᠠᠶᠢᠨ᠎ᠠ᠃ ᠲᠤᠰ ᠤᠳᠠᠭ᠎ᠠ ᠶᠢᠨ ᠦᠵᠡᠰᠭᠦᠯᠡᠩ ᠢ ᠡᠷᠬᠢᠯᠡᠭᠰᠡᠡ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠳᠦᠯᠥᠨ ᠳᠠᠭᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾᠎ ᠶᠢ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠰᠢᠷᠭᠠᠭᠤ ᠬᠠᠲᠠᠭᠤᠵᠢᠯᠲᠠᠢ ᠪᠠᠷ ᠰᠢᠨ᠎ᠡ ᠵᠠᠮ ᠢ ᠨᠡᠭᠡᠭᠡᠵᠦ᠂ ᠴᠤᠴᠠᠯᠲᠠ ᠦᠭᠡᠢ ᠤᠷᠤᠭᠰᠢᠯᠠᠵᠤ ᠲᠤᠮᠳᠠ ᠲᠦᠪᠰᠢᠨ ᠳᠤ ᠤᠷᠤᠬᠤ ᠶᠢ ᠵᠤᠷᠢᠭᠰᠠᠨ ᠪᠠᠶᠢᠨ᠎ᠠ᠃    ᠰᠦᠨ ᠱᠤᠤ ᠴᠧᠩ ᠪᠦᠲᠦᠭᠡᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠵᠣᠭᠰᠣᠨ ᠰᠣᠨᠢᠷᠬᠠᠵᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠭᠰᠠᠨ ᠡᠨᠡ ᠤᠳᠠᠭ᠎ᠠ ᠶᠢᠨ ᠦᠵᠡᠰᠭᠦᠯᠡᠩ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠠᠯᠢ ᠤᠯᠠᠨ ᠭᠤᠶᠢᠳᠠ ᠰᠠᠶᠢᠬᠠᠨ ᠤᠷᠠᠯᠢᠭ ᠤᠨ ᠪᠦᠲᠦᠭᠡᠯ ᠢ ᠠᠮᠢᠳᠤᠯᠢᠭ ᠢᠶᠠᠷ ᠲᠡᠯᠭᠡᠨ ᠦᠵᠡᠭᠦᠯᠬᠦ ᠪᠠᠷ ᠳᠠᠮᠵᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠭᠤᠯᠤᠭᠳᠠᠬᠤᠨ ᠪᠣᠯᠤᠨ ᠱᠠᠭᠠᠷᠳᠠᠯᠭ᠎ᠠ ᠶᠢ ᠤᠯᠠᠨ ᠳᠤ ᠨᠡᠩ ᠰᠢᠭᠤᠳ ᠲᠣᠳᠣᠷᠬᠠᠢ ᠭᠦᠨᠵᠡᠭᠡᠢ ᠤᠢᠢᠯᠠᠭᠠᠭᠤᠯᠤᠨ ᠡᠵᠡᠮᠰᠢᠭᠦᠯᠵᠦ᠂ ᠡᠨᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠲᠠᠢ ᠶᠤᠮ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠮᠦᠽᠧᠶ᠂ ᠦᠵᠡᠰᠭᠦᠯᠡᠩ ᠤᠨ ᠣᠷᠳᠣᠨ ᠵᠡᠷᠭᠡ ᠲᠠᠯᠠᠪᠤᠷ ᠣᠷᠳᠣᠨ ᠢ ᠰᠠᠶᠢᠲᠤᠷ ᠠᠰᠢᠭᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠦᠨᠡᠨ ᠪᠣᠳᠠᠲᠤ ᠶᠠᠪᠤᠳᠠᠯ ᠢ ᠭᠦᠨᠵᠡᠭᠡᠶ ᠠᠭᠤᠳᠠᠯᠵᠤ᠂ ︽ᠤᠮᠠᠷᠠᠲᠤ ᠬᠢᠯᠢ ᠶᠢᠨ ᠰᠣᠶᠣᠯ︾᠎ ᠤᠨ ᠲᠥᠷᠥᠯ ᠲᠡᠮᠳᠡᠭ ᠢ ᠰᠠᠶᠢᠲᠤᠷ ᠪᠠᠶᠢᠭᠤᠯᠤᠨ ᠬᠡᠷᠡᠭᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠮᠢᠳᠤᠯᠢᠭ ᠥᠯᠢᠭᠡᠷ ᠢ ᠰᠠᠶᠢᠲᠤᠷ ᠬᠦᠤᠷᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠤᠯ ᠰᠢᠵᠢᠮ ᠢ ᠲᠤᠭᠤᠰᠢᠯᠠᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠡᠢ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠶᠠᠨ ᠺᠦᠨ᠂ ᠢᠦᠶ ᠯᠢ ᠰᠢᠨ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号