ᠸᠠᠩ ᠯᠢ ᠰᠢᠶᠠ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/3
    4 ᠰᠠᠷ᠎ᠠ ᠶᠢᠨ 1᠎ ᠤ ᠡᠳᠦᠷ᠂ ᠸᠠᠩ ᠯᠢ ᠰᠢᠶᠠ ᠬᠥᠬᠡᠬᠤᠲᠠ ᠳᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃     ᠲᠡᠷᠡ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠬᠦᠷᠴᠦ᠂ ᠴᠠᠬᠢᠯᠭᠠᠨ ᠲᠤᠤᠷ ᠤᠨ ᠡᠳᠦᠷ ᠪᠦᠷᠢ ᠶᠢᠨ ᠬᠠᠮᠤᠭ ᠤᠨ ᠶᠡᠭᠡ ᠳᠠᠭᠠᠭᠠᠴᠡ᠂ ᠴᠠᠬᠢᠯᠭᠠᠨ ᠬᠦᠴᠦᠨ ᠤ ᠪᠡᠯᠡᠨ ᠪᠠᠷᠠᠭᠠᠨ ᠤ ᠠᠷᠠᠯᠵᠢᠶ᠎ᠠ ᠪᠠ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠬᠡᠳᠦᠶ ᠪᠠᠶᠢᠬᠤ ᠶᠢ ᠨᠠᠷᠢᠨ ᠠᠰᠠᠭᠤᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠠ ᠤᠰᠤᠲᠥ᠋ᠷᠥᠭᠴᠢᠵᠢᠭᠤᠯᠤᠨ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠨᠢᠭᠡ ᠲᠠᠯ᠎ᠠ ᠪᠠᠷ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠠᠳᠬᠤᠵᠤ᠂ ᠨᠥᠭᠦᠭᠡ ᠲᠠᠯ᠎ᠠ ᠪᠠᠷ ᠲᠣᠨᠣᠬᠯᠠᠯ ᠦᠢᠯᠡᠳᠬᠦ ᠦᠢᠯᠡᠰ ᠤᠨ ᠬᠥᠭᠵᠢᠯᠲᠡ ᠶᠢ ᠠᠳᠬᠤᠵᠤ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠲᠠᠰᠤᠯᠳᠠᠬᠰᠠᠨ ᠬᠡᠰᠡᠭ᠂ ᠲᠦᠭᠵᠢᠷᠡᠯ ᠤᠨ ᠲᠣᠭᠤᠷᠢᠨ ᠳᠤ ᠠᠷᠠᠯᠵᠢᠶᠠᠴᠢᠨ ᠤᠷᠢᠬᠤ ᠠᠵᠢᠯ ᠢ ᠥᠷᠨᠢᠭᠦᠯᠵᠦ᠂ ᠨᠠᠩ ᠣᠯᠠᠨ ᠲᠦᠷᠦᠬᠦᠯᠡᠭᠴᠢ ᠠᠵᠤ ᠠᠬᠤᠶᠢᠯᠠᠯ ᠢ ᠲᠠᠲᠠᠵᠤ ᠤᠷᠤᠭᠤᠯᠤᠨ ᠮᠠᠨ ᠤ ᠣᠷᠣᠨ ᠳᠤ ᠨᠤᠲᠤᠭᠰᠢᠭᠤᠯᠵᠤ᠂ ᠢᠵᠢ ᠪᠥᠷᠢᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠨᠡᠭᠦᠷᠡᠰᠦᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠶᠢ ᠣᠶᠢᠯᠠᠭᠠᠭᠰᠠᠨ ᠤ ᠳᠠᠷᠠᠭ᠎ᠠ᠂ ᠸᠠᠩ ᠯᠢ ᠰᠢᠶᠠ᠂ ᠭᠠᠷᠳᠠᠮ ᠭᠦᠢᠴᠡᠳᠭᠡᠬᠦ ᠳᠤ ᠠᠵᠤ ᠠᠬᠤᠶᠢᠯᠠᠯ ᠤᠨ ᠲᠣᠭᠤᠷᠢᠨ ᠳᠤ ᠶᠠᠪᠤᠬᠳᠠᠭᠤᠯᠵᠤ᠂ ᠶᠠᠭᠠᠬᠢᠵᠤ ᠲᠦᠷᠭᠡᠨ ᠪᠤᠯ ᠶᠠᠭᠠᠬᠢᠵᠤ ᠬᠢᠵᠦ᠂ ᠠᠵᠤ ᠠᠬᠤᠶᠢᠯᠠᠯ ᠳᠤ ᠶᠠᠭᠠᠬᠢᠵᠤ ᠲᠥᠬᠦᠮ ᠪᠤᠯ ᠶᠠᠭᠠᠬᠢᠵᠤ ᠬᠢᠬᠦ ᠬᠡᠷᠡᠭᠲᠡᠶ᠃ ᠲᠦᠭᠦᠬᠡᠶ ᠮᠠᠲ᠋ᠧᠷᠢᠶᠠᠯ ᠪᠤᠯᠭᠠᠬᠤ ᠨᠡᠭᠦᠷᠡᠰᠦᠨ ᠤ ᠬᠠᠩᠭᠠᠯᠭ᠎ᠠ ᠶᠢ ᠴᠢᠩᠭ᠎ᠠ ᠠᠩᠬᠠᠷᠴᠤ᠂ ᠨᠠᠩ ᠣᠯᠠᠨ ᠨᠡᠭᠦᠷᠡᠰᠦ ᠶᠢ ᠲᠦᠯᠡᠰᠢ ᠠᠴᠠ ᠲᠦᠭᠦᠬᠡᠶ ᠮᠠᠲ᠋ᠧᠷᠢᠶᠠᠯ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ᠃ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠭᠡᠬᠦ ᠠᠵᠠ ᠲᠣᠬᠢᠶᠠᠯ ᠢ ᠠᠮᠵᠢᠵᠤ᠂ ᠨᠡᠭᠦᠷᠡᠰᠦ ᠵᠡᠷᠭᠡ ᠤᠯᠠᠮᠵᠢᠯᠠᠯᠲᠤ ᠠᠵᠤ ᠦᠢᠯᠡᠰ ᠤᠨ ᠤᠶᠤᠨᠴᠢᠯᠠᠭᠰᠠᠨ ᠲᠠᠶᠢᠰᠢ ᠥᠭᠡᠷᠡᠴᠢᠯᠡᠬᠦ᠂ ᠲᠣᠭᠠᠴᠢᠯᠠᠯᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃     ᠴᠠᠬᠢᠯᠭᠠᠨ ᠬᠦᠴᠦᠨ ᠤ ᠦᠢᠯᠡᠴᠢᠯᠡᠭᠡᠨ ᠤ 95598 ᠬᠠᠯᠠᠮᠰᠢᠯ ᠤᠲᠠᠰᠤᠨ ᠤ ᠲᠥᠪ ᠤᠨ ᠬᠢᠨ ᠶᠠᠭᠠᠷᠠᠯᠲᠠᠶ ᠠᠵᠢᠯᠯᠠᠵᠤ ᠪᠠᠶᠢᠯ᠎ᠠ᠃ ᠤᠯᠠᠨ ᠲᠦᠮᠡᠨ ᠤ ᠲᠤᠰᠬᠠᠯ ᠢᠶᠠᠷ ᠬᠠᠮᠤᠭ ᠤᠨ ᠤᠯᠠᠨ ᠠᠰᠠᠭᠤᠳᠠᠯ ᠶᠠᠭᠤ ᠶᠠᠭᠤ ᠪᠠᠶᠢᠬᠤ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ ᠬᠡᠳᠦᠢ ᠪᠤᠯᠬᠤ᠂ ᠬᠡᠳᠦᠢ ᠤᠳᠠᠭᠠᠳ ᠰᠢᠢᠳᠪᠦᠷᠢᠯᠡᠵᠦ ᠳᠠᠭᠤᠰᠬᠠᠵᠤ ᠪᠠᠶᠢᠬᠤ ᠵᠡᠷᠭᠡ ᠤᠯᠠᠨ ᠲᠦᠮᠡᠨ ᠪᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠸᠠᠩ ᠯᠢ ᠰᠢᠶᠠ ᠬᠠᠮᠤᠭ ᠠᠴᠠ ᠢᠯᠡᠭᠦᠦ ᠠᠩᠬᠠᠷᠴᠤ ᠪᠠᠶᠢᠪᠠ᠃ ᠲᠡᠷᠡ ᠴᠠᠬᠢᠯᠭᠠᠨ ᠬᠦᠴᠦᠨ ᠤ ᠦᠢᠯᠡᠴᠢᠯᠡᠭᠡ ᠶᠢᠨ ᠨᠢᠭᠡ ᠲᠠᠯ᠎ᠠ ᠨᠢ ᠬᠡᠷᠡᠭᠯᠡᠭᠴᠢ ᠲᠠᠢ ᠬᠤᠯᠪᠣᠯᠳᠤᠵᠤ᠂ ᠨᠥᠭᠦᠭᠡ ᠲᠠᠯ᠎ᠠ ᠨᠢ ᠵᠠᠰᠠᠭ ᠤᠨ ᠣᠷᠳᠣᠨ ᠲᠠᠢ ᠬᠤᠯᠪᠣᠯᠳᠤᠵᠤ ᠪᠠᠶᠢᠨ᠎ᠠ ᠭᠡᠵᠦ ᠴᠢᠬᠤᠯᠠᠴᠢᠯᠠᠵᠤ᠂ ᠠᠵᠢᠯᠲᠠᠨ ᠢ ᠵᠠᠬᠢᠶᠠᠯᠠᠭ᠎ᠠ ᠪᠠᠨ ᠲᠦᠷᠭᠡᠨ ᠶᠠᠪᠤᠭᠤᠯᠵᠤ᠂ ᠲᠦᠷᠭᠡᠨ ᠰᠢᠢᠳᠪᠦᠷᠢᠯᠡᠵᠦ᠂ ᠴᠠᠭ ᠲᠤᠬᠠᠶ ᠳᠤᠨᠢ ᠬᠠᠷᠢᠭᠤ ᠰᠤᠷᠪᠤᠯᠵᠢᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠢ ᠦᠨᠡᠨ ᠬᠦ ᠬᠠᠨᠤᠮᠵᠢᠲᠠᠶ ᠪᠠᠶᠢᠯᠭᠠᠬᠤ ᠬᠡᠷᠡᠭᠲᠡᠶ ᠭᠡᠵᠦ ᠵᠠᠬᠢᠪᠠ᠃     ᠳᠠᠷᠠᠭ᠎ᠠ ᠨᠢ᠂ ᠸᠠᠩ ᠯᠢ ᠰᠢᠶᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠴᠤᠭᠯᠠᠭᠤᠯᠤᠨ ᠲᠤᠬᠠᠶ ᠶᠢᠨ ᠲᠠᠯᠠᠪᠠᠶ ᠳᠤ ᠠᠯᠪᠠᠯᠠᠵᠤ᠂ ᠣᠳᠣᠬᠠᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠳᠤ ᠪᠠᠶᠢᠷᠢᠯᠠᠭᠤᠯᠤᠯᠲᠠ ᠬᠢᠪᠠ᠃ ᠲᠡᠷᠡ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠠᠬᠢᠯᠭᠠᠨ ᠬᠦᠴᠦᠨ ᠤ ᠲᠣᠬᠢᠷᠠᠭᠤᠯᠤᠯᠲᠠ ᠶᠢ ᠨᠠᠷᠢᠯᠢᠭ ᠣᠨᠣᠪᠴᠢᠲᠠᠶ ᠪᠠᠶᠢᠯᠭᠠᠬᠤ᠂ ᠡᠨᠧᠷᠭᠢ ᠶᠢ ᠨᠦᠬᠡᠴᠡᠯᠡᠵᠤ ᠲᠣᠬᠢᠷᠠᠭᠤᠯᠬᠤ ᠶᠢ ᠨᠠᠷᠢᠯᠢᠭ ᠣᠨᠣᠪᠴᠢᠲᠠᠶ ᠪᠠᠶᠢᠯᠭᠠᠬᠤ᠂ ᠲᠥᠷᠥᠯ ᠵᠦᠢᠯ ᠤᠨ ᠪᠠᠶᠢᠷᠢᠯᠠᠭᠤᠯᠤᠯᠲᠠ ᠶᠢ ᠨᠠᠷᠢᠯᠢᠭ ᠣᠨᠣᠪᠴᠢᠲᠠᠶ ᠪᠠᠶᠢᠯᠭᠠᠬᠤ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠲᠣᠭᠲᠠᠭᠤᠨ ᠵᠢᠱᠢᠯᠲᠡ ᠲᠠᠢ ᠪᠠᠶᠢᠯᠭᠠᠵᠤ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠪᠥᠭᠡᠳ ᠡᠷᠡᠭᠦᠯ ᠢᠶᠠᠷ ᠶᠠᠪᠤᠬᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃     ᠪᠠᠢ ᠴᠢᠩ ᠶᠤᠸᠠᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号