ᠪᠠᠢ ᠬᠠᠢ ᠯᠢᠨ ᠲᠠᠶᠢᠰᠢ ᠨᠡᠭᠦᠷᠡᠰᠦᠨ ᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠢᠩ ᠬᠤᠸᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠲᠠᠶᠢᠰᠢ ᠨᠡᠭᠦᠷᠡᠰᠦᠨ ᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠢᠩ ᠬᠤᠸᠠ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠠᠵᠤ ᠠᠬᠤᠶᠢᠯᠠᠯ ᠢ ᠬᠦᠭᠵᠢᠬᠦᠯᠬᠦ ᠬᠤᠯᠪᠣᠭᠳᠠᠯ ᠪᠥᠬᠦᠶ ᠶᠠᠪᠤᠳᠠᠯ ᠢ ᠶᠠᠷᠢᠯᠴᠠᠪᠠ᠃
     ᠪᠠᠢ ᠬᠠᠢ ᠯᠢᠨ᠂ ᠲᠠᠶᠢᠰᠢ ᠨᠡᠭᠦᠷᠡᠰᠦᠨ ᠤ ᠪᠦᠯᠦᠭᠯᠡᠯ ᠪᠣᠯ ᠠᠯᠠᠱᠠ ᠠᠶᠢᠮᠠᠭ ᠤᠨ ᠨᠥᠯᠥᠭᠡᠯᠡᠬᠦ ᠬᠦᠴᠦᠨ ᠲᠠᠢ ᠬᠠᠭᠤᠴᠢᠨ ᠨᠡᠷᠡᠲᠦ ᠠᠵᠤ ᠠᠬᠤᠶᠢᠯᠠᠯ ᠪᠣᠯᠤᠨ᠎ᠠ᠂ ᠤᠯᠠᠨ ᠵᠢᠯ ᠤᠨ ᠲᠤᠷᠰᠢ ᠨᠡᠶᠢᠭᠡᠮ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠲᠤᠰ ᠭᠠᠵᠠᠷ ᠤᠨ ᠤᠯᠠᠨ ᠲᠦᠮᠡᠨ ᠤ ᠠᠵᠢᠯ ᠣᠯᠭᠤᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠳᠠᠶᠢᠰᠢ ᠨᠡᠭᠦᠷᠡᠰᠦᠨ ᠤ ᠪᠦᠯᠦᠭᠯᠡᠯ ᠨᠢ ᠦᠷᠭᠦᠯᠵᠢᠯᠡᠨ ᠠᠯᠠᠱᠠ ᠳᠤ ᠭᠦᠨ ᠰᠠᠭᠤᠷᠢᠯᠠᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ ᠠᠭᠤᠳᠠᠯᠵᠤ᠂ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠳᠠᠪᠠᠭᠤᠯᠢᠭ ᠠᠵᠤ ᠦᠢᠯᠡᠰ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠠᠯᠠᠱᠠ ᠠᠶᠢᠮᠠᠭ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠢ ᠳᠡᠮᠵᠢᠵᠦ᠂ ᠠᠵᠤ ᠠᠬᠤᠶᠢᠯᠠᠯ ᠢ ᠬᠠᠮᠠᠭᠠᠯᠠᠨ᠂ ᠠᠵᠤ ᠠᠬᠤᠶᠢᠯᠠᠯ ᠢ ᠬᠠᠶᠢᠷᠠᠯᠠᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠨᠡᠩ ᠰᠢᠯᠢᠳᠡᠭ ᠣᠷᠴᠢᠨ ᠲᠣᠭᠤᠷᠢᠨ ᠪᠠ ᠬᠠᠮᠤᠭ ᠤᠨ ᠶᠡᠭᠡ ᠳᠡᠮᠵᠢᠯᠭᠡ ᠬᠠᠩᠭᠠᠨ᠎ᠠ ᠭᠡᠯ᠎ᠡ᠃      ᠸᠠᠩ ᠵᠢᠩ ᠬᠤᠸᠠ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠢᠨ ᠤ ᠲᠠᠶᠢᠰᠢ ᠨᠡᠭᠦᠷᠡᠰᠦᠨ ᠤ ᠪᠦᠯᠦᠭᠯᠡᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠠᠶᠢᠰᠢ ᠨᠡᠭᠦᠷᠡᠰᠦᠨ ᠤ ᠪᠦᠯᠦᠭᠯᠡᠯ ᠨᠢ ᠠᠯᠠᠱᠠ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠣᠳᠣᠬᠠᠨ ᠳᠤ ᠲᠠᠶᠢᠰᠢ ᠨᠡᠭᠦᠷᠡᠰᠦᠨ ᠤ ᠪᠦᠯᠦᠭᠯᠡᠯ ᠨᠢ ᠶᠠᠭ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠪᠥᠬᠦ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠣᠭᠤᠮᠢ ᠬᠢᠵᠠᠭᠠᠷᠯᠠᠯ ᠢ ᠲᠦᠷᠬᠡᠨ ᠡᠪᠳᠡᠵᠦ᠂ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠴᠢᠷᠮᠠᠶᠢᠵᠤ᠂ ᠠᠯᠠᠱᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠦᠢᠯᠡᠴᠢᠯᠡᠨ᠎ᠡ ᠭᠡᠪᠡ᠃      ᠪᠦᠦ ᠶᠧ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号