ᠬᠤᠸᠠᠩ ᠶᠠ ᠯᠢ᠂ ᠪᠠᠢ ᠬᠠᠢ ᠯᠢᠨ ᠢ ᠳ᠋ᠠ ᠽᠦᠩ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ᠂ ᠶᠡᠷᠦᠩᠬᠡᠢ ᠵᠠᠬᠢᠷᠣᠯ ᠼᠤᠤ ᠰᠢᠨ ᠢ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/3
    4 ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠢ ᠳ᠋ᠠ ᠽᠦᠩ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ᠂ ᠶᠡᠷᠦᠩᠬᠡᠶ  ᠵᠠᠬᠢᠷᠣᠯ ᠼᠤᠤ ᠰᠢᠨ ᠢ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠣᠭᠤᠮᠲᠠ ᠶᠢ ᠨᠡᠭᠡᠭᠡᠨ ᠬᠦᠭᠵᠢᠬᠦᠯᠬᠦ ᠪᠥᠲᠥᠭᠡᠨ ᠪᠠᠶᠢᠭᠤᠯᠬᠤ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃
   ᠬᠤᠸᠠᠩ ᠶᠠ ᠯᠢ ᠼᠤᠤ ᠰᠢᠨ ᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠶᠢᠨ ᠭᠠᠵᠠᠷ ᠵᠦᠶ ᠶᠢᠨ ᠪᠠᠶᠢᠷᠢᠰᠢᠯ ᠳᠠᠪᠠᠭᠤᠯᠢᠭ᠂ ᠨᠡᠭᠡᠭᠡᠯᠲᠡ ᠶᠢᠨ ᠳᠠᠪᠠᠭᠤᠯᠢᠭ ᠢᠯᠡᠷᠬᠡᠶ ᠪᠠᠶᠢᠵᠤ᠂ ᠴᠢᠯᠥᠭᠡᠲᠦ ᠠᠷᠠᠯᠵᠢᠶᠠᠨ ᠤ ᠣᠷᠣᠨ ᠢ ᠪᠠᠶᠢᠭᠤᠯᠬᠤ ᠢᠨᠵᠧᠨᠧᠷᠢᠩ ᠪᠠ ᠨᠡᠭᠡᠭᠡᠯᠲᠡ ᠬᠢᠵᠦ ᠬᠠᠮᠲᠤᠷᠠᠯᠴᠠᠬᠤ ᠢᠨᠵᠧᠨᠧᠷᠢᠩ ᠢ ᠬᠡᠷᠡᠭᠵᠢᠭᠦᠯᠬᠦ ᠶᠢ ᠪᠥᠬᠦ ᠬᠦᠴᠦᠨ ᠢᠶᠠᠷ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠶᠡᠭᠡ ᠲᠠᠯ᠎ᠠ ᠳᠤ ᠨᠠᠩ ᠰᠠᠶᠢᠨ ᠠᠭᠤᠰᠤᠯᠴᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠦᠨᠡᠨ ᠰᠡᠳᠬᠢᠯ ᠠᠴᠠ ᠪᠠᠨ ᠬᠠᠮᠲᠤᠷᠠᠯᠴᠠᠵᠤ᠂ ᠠᠯᠤᠰ ᠬᠡᠲᠦ ᠶᠢᠨ ᠬᠠᠷᠠᠴᠠ ᠲᠠᠢ᠂ ᠨᠠᠩ ᠶᠡᠭᠡ ᠬᠦᠴᠦ ᠣᠷᠣᠭᠤᠯᠵᠤ᠂ ᠨᠡᠭᠡᠭᠡᠯᠲᠡ ᠪᠠᠨ ᠥᠷᠭᠡᠳᠬᠡᠬᠦ᠂ ᠪᠣᠭᠤᠮᠲᠠ  ᠶᠢ ᠪᠥᠲᠥᠭᠡᠨ ᠪᠠᠶᠢᠭᠤᠯᠬᠤ ᠪᠠ ᠣᠶᠤᠨᠴᠢᠯᠠᠭᠰᠠᠨ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠨᠡᠭᠦᠷᠡᠰᠦ ᠲᠡᠭᠡᠭᠡᠪᠦᠷᠢᠯᠡᠬᠦ᠂ ᠤᠬᠢᠶᠠᠵᠤ ᠰᠣᠩᠭᠤᠨ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠬᠡᠯᠬᠢᠶ᠎ᠡ ᠶᠢ ᠪᠦᠷᠢᠨᠰᠢᠬᠦᠯᠵᠦ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠶᠢ ᠬᠠᠳᠠᠭᠠᠯᠠᠵᠤ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠢ ᠲᠦᠷᠬᠡᠨ ᠪᠠᠶᠢᠭᠤᠯᠵᠤ᠂ ᠪᠣᠭᠤᠮᠲᠠ ᠶᠢ ᠥᠨᠳᠥᠷ ᠦᠷ᠎ᠡ ᠠᠰᠢᠭ ᠲᠠᠢ ᠪᠣᠯᠭᠠᠬᠤ᠂ ᠨᠠᠷᠢᠯᠢᠬᠵᠢᠭᠤᠯᠬᠤ᠂ ᠪᠣᠬᠢᠷᠲᠤᠯ ᠥᠬᠡᠶ ᠬᠥᠭᠵᠢᠭᠦᠯᠬᠦ ᠶᠢ ᠠᠬᠢᠭᠤᠯᠵᠤ᠂ ᠠᠯᠠᠱᠠ ᠶᠢᠨ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃    ᠼᠤᠤ ᠰᠢᠨ ᠢ ᠺᠣᠮᠫᠠᠨᠢ ᠶᠢᠨ ᠬᠥᠭᠵᠢᠯᠲᠡ ᠶᠢᠨ ᠶᠠᠪᠤᠴᠠ᠂ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠶᠢ ᠲᠠᠨᠢᠯᠴᠠᠭᠤᠯᠪᠠ᠃ ᠲᠡᠷᠡ᠂ ᠢ ᠳ᠋ᠠ ᠽᠦᠩ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠡᠭᠦᠷᠭᠡ ᠴᠢᠳᠠᠪᠬᠢ ᠶᠢᠨ ᠲᠥᠯᠥᠪᠵᠢᠭᠦᠯᠭᠡ ᠨᠢ ᠠᠯᠠᠱᠠ ᠪᠣᠭᠤᠮᠲᠠ ᠶᠢ ᠪᠥᠲᠥᠭᠡᠨ ᠪᠠᠶᠢᠭᠤᠯᠬᠤ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠲᠣᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ ᠪᠠᠯᠠ ᠮᠥᠩᠭᠦ ᠪᠠ ᠬᠦᠴᠦᠨ ᠴᠢᠳᠠᠯ ᠣᠷᠣᠭᠤᠯᠵᠤ᠂ ᠥᠯᠵᠡᠶ ᠪᠣᠭᠤᠮᠲᠠ ᠶᠢ ᠨᠡᠭᠡᠭᠡᠨ ᠬᠦᠭᠵᠢᠬᠦᠯᠬᠦ ᠪᠠ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠢᠳᠡᠪᠬᠢᠲᠡᠶ ᠡᠷᠭᠦᠨ᠎ᠡ ᠭᠡᠪᠡ᠃    ᠠᠶᠢᠮᠠᠭ ᠤᠨ ᠳᠡᠳ᠋ ᠳᠠᠷᠤᠭ᠎ᠠ ᠪᠦᠦ ᠶᠧ ᠠᠭᠤᠯᠵᠠᠯᠲᠠ ᠳᠤ ᠣᠷᠣᠯᠴᠠᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号