ᠮᠠᠨ ᠤ ᠤᠷᠤᠨ ︽ᠪᠣᠬᠢᠷᠲᠤᠯ ᠦᠭᠡᠢ ᠬᠠᠶᠢᠨ ᠪᠠᠶᠢᠴᠠᠭᠠᠬᠤ ᠮᠡᠷᠭᠡᠵᠢᠯ ᠤᠨ ᠳᠦᠷᠢᠮ︾ ᠢ ᠨᠡᠶᠢᠲᠡᠯᠡᠨ ᠬᠡᠷᠡᠭᠵᠢᠭᠦᠯᠦᠯ᠎ᠡ
ᠨᠡᠶᠢᠲᠡᠯᠡᠭᠰᠡᠨ ᠴᠠᠭ᠄
2024/4/3
    ᠣᠶᠢᠷ᠎ᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠠᠯᠪᠠᠨ ᠵᠠᠷ︾ ᠲᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠵᠣᠬᠢᠶᠠᠨ ᠪᠠᠶᠢᠭᠤᠯᠵᠤ ᠨᠠᠶᠢᠷᠠᠭᠤᠯᠤᠬᠰᠠᠨ ︽ᠪᠣᠬᠢᠷᠲᠤᠯ ᠦᠭᠡᠢ ᠬᠠᠶᠢᠨ ᠪᠠᠶᠢᠴᠠᠭᠠᠬᠤ ᠮᠡᠷᠭᠡᠵᠢᠯ ᠤᠨ ᠳᠦᠷᠢᠮ︾ ᠢ ᠨᠡᠶᠢᠲᠡᠯᠡᠪᠡ᠃     ︽ᠪᠣᠬᠢᠷᠲᠤᠯ ᠦᠭᠡᠢ ᠬᠠᠶᠢᠨ ᠪᠠᠶᠢᠴᠠᠭᠠᠬᠤ ᠮᠡᠷᠭᠡᠵᠢᠯ ᠤᠨ ᠳᠦᠷᠢᠮ︾ ᠨᠢ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠣᠶᠢᠯᠠᠭᠠᠭᠳᠠᠬᠤᠨ ᠶᠣᠰᠣᠭᠠᠷ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠣᠨᠴᠠᠯᠢᠭ ᠪᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠤᠨ ᠠᠷᠭ᠎ᠠ ᠮᠡᠷᠭᠡᠵᠢᠯ ᠢᠶᠠᠨ ᠰᠢᠨᠠᠴᠢᠯᠠᠵᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠪᠦᠬᠦ ᠶᠠᠪᠤᠴᠠ ᠳᠤ ᠣᠶ ᠰᠢᠭᠤᠢ᠂ ᠲᠠᠯ᠎ᠠ ᠨᠤᠲᠤᠭ ᠵᠡᠷᠭᠡ ᠠᠳᠠᠯᠢ ᠪᠤᠰᠤ ᠦᠵᠡᠮᠵᠢ ᠶᠢᠨ ᠣᠷᠣᠨ ᠳᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠣᠷᠴᠢᠨ ᠲᠣᠭᠤᠷᠢᠨ ᠢ ᠬᠠᠮᠠᠭᠠᠯᠠᠬᠤ ᠬᠠᠶᠢᠨ ᠪᠠᠶᠢᠴᠠᠭᠠᠬᠤ ᠠᠷᠭ᠎ᠠ᠂ ᠮᠡᠷᠭᠡᠵᠢᠯ᠂ ᠤᠷᠠᠯᠠᠯ ᠪᠣᠯᠣᠨ ᠲᠥᠬᠦᠭᠡᠷᠦᠮᠵᠢ ᠵᠡᠷᠭᠡ ᠠᠷᠭ᠎ᠠ ᠪᠠᠷᠢᠯ ᠢ ᠲᠥᠷᠥᠯ ᠬᠤᠪᠢᠶᠠᠨ ᠬᠡᠷᠡᠭᠯᠡᠵᠦ᠂ ᠠᠮᠢ ᠠᠬᠤᠢ ᠣᠷᠴᠢᠨ ᠲᠣᠭᠤᠷᠢᠨ ᠳᠤ ᠤᠴᠠᠷᠠᠭᠤᠯᠬᠤ ᠠᠰᠢᠭ ᠦᠭᠡᠢ ᠨᠥᠯᠥᠭᠡ ᠶᠢ ᠪᠠᠭᠠᠰᠬᠠᠬᠤ ᠪᠤᠶᠤ ᠲᠡᠭᠦᠨ ᠠᠴᠠ ᠵᠠᠶᠢᠯᠠᠰᠭᠢᠬᠦ ᠶᠢᠨ ᠬᠠᠮᠲᠤ ᠡᠪᠳᠡᠭᠳᠡᠭᠰᠡᠨ ᠣᠷᠴᠢᠨ ᠲᠣᠭᠤᠷᠢᠨ ᠢ ᠵᠠᠰᠠᠨ ᠰᠡᠷᠭᠦᠭᠡᠵᠦ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠶ᠎ᠡ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠦᠨ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠶᠢᠨ ᠡᠬᠢ ᠪᠠᠶᠠᠯᠢᠭ ᠤᠨ ᠰᠠᠭᠤᠷᠢᠨ ᠪᠠ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠬᠤ ᠳᠤ ᠬᠦᠴᠦᠨ ᠨᠡᠮᠡᠷᠢᠯᠡᠨ᠎ᠡ᠃     ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠡᠯᠡ ᠮᠥᠩᠭᠦ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠦᠷᠦᠯ ᠵᠦᠢᠯ ᠳᠤ ᠵᠢᠱᠢᠶ᠎ᠡ ᠦᠵᠡᠭᠦᠯᠦᠨ ᠬᠡᠷᠡᠭᠵᠢᠬᠦᠯᠵᠤ᠂ ᠪᠦᠬᠦ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠲᠦᠷᠦᠯ ᠳᠤ ᠢᠳᠡᠭ ᠢᠳᠡᠭ ᠢᠶᠠᠷ ᠳᠡᠯᠭᠡᠷᠡᠭᠦᠯᠵᠦ᠂ ᠬᠦᠭᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠬᠥᠮᠥᠰ ᠤᠨ ᠰᠡᠳᠭᠢᠯ ᠳᠤ ᠨᠡᠩ ᠭᠦᠨ ᠬᠠᠳᠠᠩᠰᠢᠭᠤᠯᠵᠤ᠂ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠲᠦᠷᠦᠯ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号