ᠠᠯᠠᠱᠠ ᠵᠡᠭᠦᠨ ᠬᠤᠰᠢᠭᠤ᠄ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠠᠪᠴᠠᠩ ᠪᠠᠶᠢᠭᠤᠯᠵᠤ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/4/30
     ᠣᠶᠢᠷ᠎ᠠ ᠶᠢᠨ ᠵᠢᠯ ᠠᠴᠠ ᠨᠠᠰᠢ᠂ ᠬᠤᠲᠠ ᠬᠥᠳᠡᠭᠡ ᠶᠢᠨ ᠥᠷᠭᠡᠨ ᠣᠯᠠᠨ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠤᠯᠠᠮ ᠥᠷᠭᠡᠳᠬᠡᠬᠦ ᠶᠢᠨ ᠲᠥᠯᠥᠭᠡ᠂ ᠠᠯᠠᠱᠠ ᠵᠡᠭᠦᠨ ᠬᠤᠰᠢᠭᠤ ᠠᠵᠢᠯ ᠣᠯᠬᠤ ᠳᠠᠬᠢᠨ ᠠᠵᠢᠯ ᠣᠯᠬᠤ ᠲᠠᠪᠴᠠᠩ ᠢ ᠢᠳᠡᠪᠬᠢᠲᠡᠶ ᠪᠠᠶᠢᠭᠤᠯᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠬᠦ᠂ ᠬᠠᠨᠳᠤᠯᠭᠠᠲᠤ ᠴᠢᠨᠠᠷᠲᠠᠶ ᠪᠠ ᠬᠡᠷᠡᠭᠯᠡᠭᠡᠨ ᠤ ᠴᠢᠨᠠᠷᠲᠠᠶ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠬᠦ ᠪᠠᠷ ᠳᠠᠮᠵᠢᠭᠤᠯᠤᠨ᠂ ᠠᠵᠢᠯ ᠣᠯᠬᠤ ᠳᠤ ᠬᠦᠴᠢᠷᠲᠡᠶ ᠬᠥᠮᠦᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃
1.jpg
     ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠠᠯᠠᠱᠠ ᠵᠡᠭᠦᠨ ᠬᠤᠰᠢᠭᠤᠨ ᠤ ᠠᠵᠢᠯ ᠣᠯᠬᠤ ᠦᠢᠯᠡᠴᠢᠯᠡᠭᠡᠨ ᠤ ᠲᠥᠪ ᠨᠡᠶᠢᠲᠡ 4 ᠪᠣᠯᠪᠠᠰᠤᠷᠠᠯ ᠤᠨ ᠪᠠᠶᠢᠭᠤᠯᠤᠮᠵᠢ ᠲᠠᠢ ᠬᠤᠯᠪᠣᠭᠠᠯᠠᠵᠤ᠂ ᠰᠦᠢᠳᠬᠡᠯ ᠬᠤᠷᠢᠶᠠᠬᠤ ᠥᠬᠡᠶ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ 3 ᠬᠤᠭᠤᠴᠠᠭ᠎ᠠ 123 ᠬᠥᠮᠦᠨ ᠤᠳᠠᠭ᠎ᠠ᠂ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠶᠢ 1 ᠬᠤᠭᠤᠴᠠᠭ᠎ᠠ 22 ᠬᠥᠮᠦᠨ ᠤᠳᠠᠭ᠎ᠠ ᠥᠷᠨᠢᠭᠦᠯᠵᠦ᠂ ᠭᠤᠤᠯᠳᠠᠭᠤ ᠡᠯᠧᠺᠲᠷᠣᠨ ᠬᠤᠳᠠᠯᠳᠤᠭᠠᠨ ᠤ ᠮᠡᠷᠭᠡᠵᠢᠯᠲᠡᠨ ᠪᠠ ᠺᠣᠮᠫᠢᠦ᠋ᠲ᠋ᠧᠷ ᠤᠨ ᠠᠵᠢᠯᠯᠠᠭᠴᠢ ᠶᠢᠨ ᠲᠤᠰᠬᠠᠶ ᠮᠡᠷᠭᠡᠵᠢᠯ ᠢᠶᠠᠷ ᠭᠤᠤᠯ ᠪᠣᠯᠭᠠᠵᠤ᠂ ᠳᠠᠷᠠᠭᠠᠴᠢ ᠪᠠᠷ ᠣᠨᠴᠠᠯᠢᠭᠲᠤ ᠳᠠᠷᠢᠵᠤ ᠲᠡᠵᠢᠭᠡᠨ ᠦᠷᠡᠵᠢᠭᠦᠯᠬᠦ᠂ ᠭᠠᠷ ᠨᠡᠬᠡᠮᠡᠯ᠂ ᠡᠬᠡ ᠨᠢᠯᠬᠠᠰ ᠤᠨ ᠰᠤᠪᠢᠯᠠᠯᠲᠠ᠂ ᠠᠰᠠᠷᠠᠭᠴᠢ ᠵᠡᠷᠭᠡ ᠬᠡᠷ ᠪᠦᠯᠢ ᠶᠢᠨ ᠦᠢᠯᠡᠴᠢᠯᠡᠭᠡᠨ ᠤ ᠲᠥᠷᠥᠯ ᠤᠨ ᠲᠤᠰᠬᠠᠶ ᠮᠡᠷᠭᠡᠵᠢᠯ ᠢ ᠥᠷᠨᠢᠭᠦᠯᠬᠦ ᠪᠠᠷ ᠲᠥᠯᠥᠪᠯᠡᠵᠦ ᠪᠣᠶ᠃
2.jpg
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号