ᠠᠯᠠᠱᠠ ᠠᠶᠢᠮᠠᠭ ᠦᠬᠠᠶ ᠬᠤᠲᠠ ᠶᠢᠨ ᠣᠷᠣᠨ ᠪᠦᠰᠡ ᠬᠠᠮᠵᠢᠯᠴᠠᠵᠤ ᠴᠢᠨᠠᠷ ᠰᠠᠶᠢᠲᠠᠶ ᠬᠦᠭᠵᠢᠬᠦ ᠶᠢᠨ ᠲᠦᠯᠦᠭᠡ ᠬᠠᠮᠲᠤᠷᠠᠯᠴᠠᠬᠤ ᠲᠤᠬᠠᠢ ᠶᠠᠷᠢᠯᠴᠠᠬᠤ ᠬᠤᠷᠠᠯ ᠬᠤᠷᠠᠯᠳᠤᠪᠠ ᠬᠤᠸᠠᠩ ᠶᠠ ᠯᠢ ᠲᠠᠩ ᠢ ᠶᠠᠷᠢᠶ᠎ᠠ ᠲᠠᠯᠪᠢᠵᠤ ᠪᠠᠶ ᠬᠠᠶ ᠯᠢᠨ ᠼᠦᠢ ᠵᠢᠩ ᠶᠢᠩ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2024/4/30
     4 ᠰᠠᠷ᠎ᠠ ᠶᠢᠨ 29᠎ ᠤ ᠡᠳᠦᠷ᠂ ᠠᠯᠠᠱᠠ ᠠᠶᠢᠮᠠᠭ ᠦᠬᠠᠢ ᠬᠤᠳᠠ ᠶᠢᠨ ᠣᠷᠣᠨ ᠪᠦᠰᠡ ᠬᠠᠮᠵᠢᠯᠴᠠᠵᠤ ᠴᠢᠨᠠᠷ ᠰᠠᠶᠢᠲᠠᠶ ᠬᠦᠭᠵᠢᠬᠦ ᠶᠢᠨ ᠲᠦᠯᠦᠭᠡ ᠬᠠᠮᠲᠤᠷᠠᠯᠴᠠᠬᠤ ᠲᠤᠬᠠᠢ ᠶᠠᠷᠢᠯᠴᠠᠬᠤ ᠬᠤᠷᠠᠯ ᠪᠠᠶᠠᠨᠬᠤᠳᠠ ᠳᠤ ᠬᠤᠷᠠᠯᠳᠤᠵᠤ᠂ ᠬᠤᠶᠠᠷ ᠭᠠᠵᠠᠷ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠨ ᠠᠬᠢᠭᠤᠯᠪᠠ᠃ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠪᠣᠯᠤᠨ ᠦᠬᠠᠶ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠶᠠᠷ ᠭᠠᠵᠠᠷ ᠤᠨ ᠬᠠᠮᠲᠤᠷᠠᠯᠴᠠᠭ᠎ᠠ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠣᠷᠣᠨ ᠪᠦᠰᠡ ᠬᠠᠮᠵᠢᠯᠴᠠᠵᠤ ᠴᠢᠨᠠᠷ ᠰᠠᠶᠢᠲᠠᠶ ᠬᠦᠭᠵᠢᠬᠦ ᠶᠢᠨ ᠲᠦᠯᠦᠭᠡ ᠬᠠᠮᠲᠤᠷᠠᠯᠴᠠᠬᠤ ᠲᠤᠬᠠᠢ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃
1.jpg
     ᠬᠤᠷᠠᠯ ᠠᠴᠠ ᠡᠮᠦᠨ᠎ᠡ᠂ ᠦᠬᠠᠢ ᠬᠤᠳᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠠᠯᠠᠱᠠ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠡᠯᠡᠰᠦ ᠶᠢ ᠰᠡᠷᠭᠡᠶᠢᠯᠡᠵᠦ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠰᠢᠨᠵᠢᠯᠡᠨ ᠪᠠᠶᠢᠴᠠᠭᠠᠪᠠ᠃
2.jpg
     ᠶᠠᠷᠢᠯᠴᠠᠬᠤ ᠬᠤᠷᠠᠯ ᠳᠡᠭᠡᠷ᠎ᠡ᠂ ᠬᠤᠸᠠᠩ ᠶᠠ ᠯᠢ ᠠᠶᠢᠮᠠᠭ ᠤᠨ ᠨᠠᠮ ᠤᠨ ᠬᠤᠷᠢᠶ᠎ᠠ ᠪᠣᠯᠤᠨ ᠵᠠᠬᠢᠷᠭ᠎ᠠ ᠶᠢ ᠲᠥᠯᠥᠭᠡᠯᠡᠵᠦ᠂ ᠦᠬᠠᠢ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠦᠬᠠᠢ ᠬᠤᠳᠠ ᠶᠢᠨ ᠤᠷᠳᠤ ᠬᠤᠭᠤᠴᠠᠭᠠᠨ ᠤ ᠲᠤᠷᠰᠢ ᠠᠯᠠᠱᠠ ᠠᠶᠢᠮᠠᠭ ᠲᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠠᠶᠢᠮᠠᠭ ᠪᠣᠯᠤᠨ ᠦᠬᠠᠢ ᠬᠤᠳᠠ ᠶᠢᠨ ᠬᠢᠨ ᠬᠠᠮᠲᠤ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠᠳᠤ ᠲᠥᠪᠰᠢᠨ ᠳᠤ ᠣᠷᠣᠬᠤ︾ ᠬᠠᠷᠠᠯᠲᠠ ᠳᠤ ᠦᠢᠯᠡᠴᠢᠯᠡᠬᠦ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠤᠢᠢᠷ᠎ᠠ ᠶᠢᠨ ᠵᠢᠯ ᠠᠴᠠ᠂ ᠦᠬᠠᠢ ᠬᠤᠳᠠ ᠶᠢᠨ ᠬᠥᠭᠵᠢᠯᠲᠡ ᠲᠦᠷᠭᠡᠨ᠂ ᠬᠠᠨᠳᠤᠰᠢ ᠴᠢᠩᠭ᠎ᠠ ᠪᠠᠶᠢᠵᠤ᠂ ᠬᠦᠴᠦᠨ ᠢᠶᠠᠨ ᠲᠥᠪᠯᠡᠷᠡᠭᠦᠯᠦᠨ ᠪᠦᠬᠦ ᠪᠥᠮᠪᠥᠷᠴᠡᠭ ᠤᠨ ᠬᠠᠮᠤᠭ ᠤᠨ ᠶᠡᠭᠡ BDO ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ᠂ ᠬᠥᠮᠦᠰ ᠤᠨ ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠮᠠᠰᠢ ᠤᠯᠠᠨ ᠰᠠᠶᠢᠨ ᠲᠤᠷᠰᠢᠯᠭ᠎ᠠ᠂ ᠠᠷᠭ᠎ᠠ ᠬᠢᠳᠡᠯ᠂ ᠲᠣᠭᠲᠠᠴᠠ ᠨᠢ ᠠᠯᠠᠱᠠ ᠶᠢᠨ ᠰᠤᠷᠤᠯᠴᠠᠨ ᠳᠣᠯᠢᠳᠠᠬᠤ ᠶᠣᠰᠣᠲᠠᠢ ᠵᠦᠢᠯ ᠶᠤᠮ᠃ ᠠᠯᠠᠱᠠ ᠶᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠵᠤ᠂ ᠨᠡᠭᠡᠭᠡᠯᠲᠡ ᠪᠠᠷ ᠠᠵᠢᠯ ᠤᠨ ᠬᠦᠴᠦᠨ ᠢ ᠨᠢᠭᠲᠠᠷᠠᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠬᠤᠶᠠᠷ ᠭᠠᠵᠠᠷ ᠠᠭᠤᠯᠠ ᠤᠰᠤ ᠵᠠᠯᠭᠠᠯᠳᠤᠵᠤ᠂ ᠰᠣᠶᠣᠯ ᠢᠷᠭᠡᠨᠰᠢᠯ ᠳᠣᠲᠣᠨᠣ᠂ ᠠᠵᠤ ᠦᠢᠯᠡᠰ ᠣᠶᠢᠷᠠᠯᠴᠠᠭ᠎ᠠ ᠪᠠᠶᠢᠵᠤ᠂ ᠰᠣᠯᠢᠯᠴᠠᠭ᠎ᠠ ᠶᠠᠪᠤᠯᠴᠠᠭ᠎ᠠ ᠮᠠᠰᠢ ᠨᠢᠭᠲᠠ᠂ ᠠᠵᠤ ᠦᠢᠯᠡᠰ ᠤᠨ ᠬᠥᠭᠵᠢᠯᠲᠡ ᠬᠠᠷᠢᠯᠴᠠᠨ ᠨᠦᠬᠦᠪᠦᠷᠢᠯᠡᠨ ᠤᠶᠠᠯᠳᠤᠵᠤ᠂ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠪᠠ ᠥᠷᠭᠡᠨ ᠠᠭᠤᠳᠠᠮ ᠬᠠᠮᠲᠤᠷᠠᠯᠴᠠᠭᠠᠨ ᠤ ᠠᠯᠤᠰ ᠢᠷᠡᠭᠡᠳᠦᠢ ᠲᠠᠢ ᠶᠤᠮ᠃ ᠬᠤᠶᠠᠷ ᠲᠠᠯ᠎ᠠ ᠪᠠᠷ ᠢᠶᠠᠨ ᠡᠭᠦᠨ ᠢᠶᠠᠷ ᠰᠢᠨ᠎ᠡ ᠭᠠᠷᠤᠭ᠎ᠠ ᠪᠣᠯᠭᠠᠵᠤ᠂ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠶᠠᠷ ᠭᠠᠵᠠᠷ ᠤᠨ ᠬᠠᠮᠵᠢᠯᠴᠠᠨ ᠬᠥᠭᠵᠢᠬᠦ ᠠᠷᠭ᠎ᠠ ᠬᠡᠮᠵᠢᠶ᠎ᠡ ᠶᠢ ᠲᠦᠷᠭᠡᠨ ᠲᠥᠯᠥᠪᠵᠢᠭᠦᠯᠵᠦ᠂ ᠨᠢᠭᠡ ᠪᠦᠯᠦᠭ ᠴᠢᠬᠤᠯᠠ ᠶᠡᠭᠡ ᠬᠠᠮᠲᠤᠷᠠᠯᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠶᠠᠪᠤᠯᠴᠠᠭ᠎ᠠ ᠰᠣᠯᠢᠯᠴᠠᠭ᠎ᠠ᠂ ᠠᠵᠤ ᠦᠢᠯᠡᠰ ᠤᠨ ᠬᠥᠭᠵᠢᠯᠲᠡ ᠶᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠠᠮᠲᠤ ᠪᠠᠷ ᠤᠷᠤᠭᠰᠢᠯᠠᠭᠤᠯᠬᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠠᠮᠢ ᠠᠬᠤᠢ ᠣᠷᠴᠢᠨ ᠲᠣᠭᠤᠷᠢᠨ ᠤ ᠬᠤᠯᠪᠣᠭᠠᠯᠠᠨ ᠰᠡᠷᠭᠡᠶᠢᠯᠡᠵᠦ ᠡᠵᠡᠮᠳᠡᠬᠦ᠂ ᠤᠯᠠᠨ ᠨᠡᠶᠢᠲᠡ ᠶᠢᠨ ᠦᠢᠯᠡᠴᠢᠯᠡᠭᠡ᠂ ᠬᠠᠮᠵᠢᠯᠴᠠᠬᠤ ᠲᠤᠭᠲᠠᠴᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠡᠷᠭᠡ ᠬᠦᠷᠢᠶᠡᠨ ᠳᠤ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠵᠦ᠂ ᠬᠤᠶᠠᠷ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃
3.jpg
     ᠲᠠᠩ ᠢ᠂ ᠠᠯᠠᠱᠠ ᠠᠶᠢᠮᠠᠭ ᠤᠨ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ᠂ ᠰᠠᠯᠬᠢ ᠭᠡᠷᠡᠯ ᠤᠨ ᠡᠨᠧᠷᠭᠢ ᠬᠢᠵᠠᠭᠠᠯᠠᠰᠢ ᠦᠭᠡᠢ ᠪᠠᠶᠢᠵᠤ᠂ ᠭᠠᠵᠠᠷ ᠪᠣᠯᠭᠠᠨ ᠳᠤ ᠬᠥᠭᠵᠢᠯᠲᠡ ᠶᠢ ᠶᠡᠬᠡᠪᠡᠷ ᠠᠳᠬᠤᠬᠤ ᠭᠦᠨ ᠵᠤᠵᠠᠭᠠᠨ ᠠᠭᠤᠷ ᠠᠮᠢᠰᠬᠤᠯ ᠲᠠᠢ᠂ ᠬᠦᠭᠵᠢᠯᠲᠡ ᠶᠢᠨ ᠪᠠᠶᠢᠳᠠᠯ ᠰᠠᠶᠢᠨ᠂ ᠬᠤᠶᠠᠷ ᠭᠠᠵᠠᠷ ᠤᠨ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠥᠨᠳᠥᠷ᠂ ᠬᠠᠷᠢᠯᠴᠠᠨ ᠨᠥᠬᠦᠪᠥᠷᠢᠯᠡᠬᠦ ᠴᠢᠨᠠᠷ ᠢᠶᠠᠷ ᠮᠠᠰᠢ ᠴᠢᠩᠭ᠎ᠠ᠂ ᠢᠯᠠᠩᠭᠤᠶ᠎ᠠ ᠴᠡᠪᠡᠷ ᠡᠨᠧᠷᠭᠢ ᠶᠢ ᠰᠢᠩᠭᠡᠭᠡᠬᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ ᠨᠡᠭᠡᠭᠡᠨ ᠬᠥᠭᠵᠢᠭᠦᠯᠬᠦ᠂ ᠬᠢᠯᠢ ᠬᠢᠵᠠᠭᠠᠷ ᠣᠷᠣᠨ ᠤ ᠬᠠᠷᠢᠯᠴᠠᠨ ᠦᠢᠯᠡᠳᠦᠯᠴᠡᠬᠦ ᠶᠢ ᠴᠢᠩᠭᠠᠳᠬᠠᠬᠤ ᠲᠠᠯ᠎ᠠ ᠪᠠᠷ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠨ ᠠᠬᠢᠭᠤᠯᠬᠤ ᠲᠠᠯ᠎ᠠ ᠪᠠᠷ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠲᠣᠰ ᠤᠳᠠᠭ᠎ᠠ ᠬᠤᠶᠠᠷ ᠭᠠᠵᠠᠷ ᠤᠨ ᠬᠤᠭᠤᠷᠣᠨᠳᠣ ᠣᠷᠣᠨ ᠪᠦᠰᠡ ᠬᠠᠮᠵᠢᠯᠴᠠᠨ ᠬᠥᠭᠵᠢᠬᠦ᠂ ᠬᠤᠯᠪᠣᠭᠠᠯᠠᠨ ᠬᠥᠭᠵᠢᠬᠦ ᠶᠢ ᠤᠯᠠᠮ ᠴᠢᠩᠭᠠᠳᠬᠠᠬᠤ ᠲᠤᠬᠠᠶ ᠬᠡᠯᠡᠯᠴᠡᠭᠡᠷ ᠭᠠᠷ ᠤᠨ ᠥᠰᠥᠭ ᠵᠢᠷᠤᠭᠰᠠᠨ ᠶᠠᠪᠤᠳᠠᠯ ᠪᠣᠯ ᠬᠤᠶᠠᠷ ᠲᠠᠯ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠴᠢᠩᠭᠠᠳᠬᠠᠬᠤ ᠨᠢᠭᠡ ᠤᠳᠠᠭᠠᠨ ᠤ ᠴᠢᠬᠤᠯᠠ ᠠᠵᠠ ᠲᠣᠬᠢᠶᠠᠯ ᠮᠥᠨ᠂ ᠡᠨᠡ ᠨᠢ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠬᠤ ᠳᠤ ᠠᠰᠢᠭᠲᠠᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠᠳᠤ ᠲᠥᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠭᠠᠷ ᠬᠤᠯᠪᠣᠨ ᠨᠠᠩ ᠶᠡᠭᠡ ᠬᠤᠪᠢ ᠨᠡᠮᠡᠷᠢ ᠦᠵᠡᠭᠦᠯᠬᠦ ᠳᠤ ᠠᠰᠢᠭᠲᠠᠶ ᠶᠤᠮ ᠭᠡᠪᠡ᠃     ᠬᠤᠷᠠᠯ ᠤᠨ ᠳᠠᠷᠠᠭ᠎ᠠ᠂ ᠬᠤᠶᠠᠷ ᠭᠠᠵᠠᠷ ᠤᠨ ᠬᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃
4.jpg
5.jpg
     ᠠᠶᠢᠮᠠᠭ ᠤᠨ ᠤᠳᠤᠷᠢᠳᠤᠯᠭ᠎ᠠ ᠸᠠᠩ ᠬᠠᠶ ᠢᠦᠶ᠂ ᠸᠧᠶ ᡁᠢ ᠭᠦᠸᠧ᠂ ᠪᠦᠦ ᠶᠧ᠂ ᠯᠢᠦ ᠴᠥᠩ ᠰᠢᠶᠤᠤ᠂ ᠯᠢᠦ ᠳ᠋ᠧ ᠼᠦᠢ᠂ ᠦᠬᠠᠶ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠤᠤ᠂ ᠵᠠᠩ ᠮᠢᠩ ᠮᠢᠩ᠂ ᠭᠤᠤ ᠪᠥᠸᠧ᠂ ᠬᠤᠶᠠᠷ ᠠᠶᠢᠮᠠᠭ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠲᠤᠭᠤᠷᠢᠭ ᠬᠤᠰᠢᠭᠤ ᠣᠷᠤᠨ ᠤ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号