ᠳᠡᠯᠡᠬᠡᠶ ᠶᠢᠨ ᠬᠠᠮᠤᠭ ᠤᠨ ᠶᠡᠭᠡ ᠴᠡᠪᠡᠷ ᠡᠨᠧᠷᠭᠢ ᠶᠢᠨ ᠬᠤᠩᠭᠢᠯ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠠᠶᠢᠷᠢᠯᠠᠭᠤᠯᠤᠨ ᠳᠠᠭᠤᠰᠬᠠᠪᠠ
ᠨᠡᠶᠢᠲᠡᠯᠡᠭᠰᠡᠨ ᠴᠠᠭ᠄
2024/4/30
    ᠳᠤᠮᠳᠠᠳᠤ ᠤᠯᠤᠰ ᠤᠨ ᠬᠦᠬᠡᠮᠦ᠋ᠷᠡᠨ ᠤ ᠭᠤᠷᠪᠠᠨ ᠬᠠᠪᠴᠢᠯ ᠪᠦᠯᠦᠭᠯᠡᠯ ᠠᠴᠠ ᠣᠶᠢᠯᠠᠭᠠᠭᠰᠠᠨ ᠢᠶᠠᠷ᠂ ᠪᠥᠬᠦ ᠪᠥᠮᠪᠥᠷᠴᠡᠭ ᠤᠨ ᠲᠠᠩ ᠮᠠᠰᠢᠨ ᠤ ᠪᠠᠭᠲᠠᠭᠠᠮᠵᠢ ᠶᠢᠨ ᠬᠠᠮᠤᠭ ᠤᠨ ᠶᠡᠭᠡ ᠴᠢᠳᠠᠮᠵᠢ ᠨᠢ ᠵᠠᠭᠤᠨ ᠲᠦᠮᠡᠨ ᠺᠢᠯᠦᠸᠠᠲ ᠪᠤᠯᠬᠤ ᠤᠰᠤᠨ ᠲᠦᠷᠪᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢ ᠠᠵᠤ ᠦᠢᠯᠡᠳᠪᠦᠷᠢ ᠢᠢᠨ ᠢᠨᠲ᠋ᠧᠷ ᠰᠦᠯᠵᠢᠶᠡᠨ ᠤ ᠲᠠᠪᠴᠠᠩ ᠳᠤ ᠬᠦᠷᠭᠡᠬᠦ ᠶᠢ ᠳᠠᠭᠠᠯᠳᠤᠨ᠂ ᠶᠢᠨ ᠱᠠ ᠵᠢᠶᠠᠩ ᠮᠥᠷᠡᠨ ᠤ ᠪᠠᠶ ᠾᠧ ᠲᠠᠨ ᠤᠰᠤᠨ ᠴᠠᠬᠢᠯᠭᠠᠨ ᠥᠷᠲᠡᠭᠡ ᠶᠢᠨ ᠦᠢᠯᠡᠳᠪᠦᠷᠢ ᠶᠢᠨ ᠦᠢᠯᠡᠳᠪᠦᠷᠢ ᠥᠷᠲᠡᠭᠡ ᠶᠢᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ᠃ ᠢᠩᠭᠢᠭᠡᠳ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠬᠥᠬᠡᠮᠥ᠋ᠷᠡᠨ ᠤ ᠭᠤᠤᠯ ᠤᠷᠤᠰᠬᠠᠯ ᠤᠨ ᠵᠢᠷᠭᠤᠭᠠᠨ ᠰᠠᠭᠤᠷᠢ ᠱᠠᠲᠤᠯᠢᠭ ᠳᠡᠰ ᠤᠨ ᠤᠰᠤᠨ ᠴᠠᠬᠢᠯᠭᠠᠨ ᠥᠷᠲᠡᠭᠡ ᠳᠤ ᠨᠢᠭᠡᠨᠲᠡ ᠪᠦᠬᠦᠨ ᠢ ᠪᠠᠶᠢᠷᠢᠯᠠᠭᠤᠯᠤᠨ ᠳᠠᠭᠤᠰᠬᠠᠵᠤ᠂ ᠳᠡᠯᠡᠬᠡᠶ ᠳᠡᠭᠡᠷᠡᠬᠢ ᠬᠠᠮᠤᠭ ᠤᠨ ᠲᠣᠮᠣ ᠴᠡᠪᠡᠷ ᠡᠨᠧᠷᠭᠢ ᠶᠢᠨ ᠬᠤᠩᠭᠢᠯ ᠤᠨ ︽ᠠᠵᠤ ᠦᠢᠯᠡᠳᠪᠦᠷᠢ ᠶᠢᠨ ᠶᠡᠭᠡ ᠲᠠᠷᠢᠬᠢ︾ ᠦᠨᠳᠦᠰᠦᠨ ᠳᠡᠭᠡᠨ ᠪᠠᠶᠢᠭᠤᠯᠤᠭᠳᠠᠭᠰᠠᠨ ᠢ ᠬᠠᠷᠠᠭᠤᠯᠪᠠ᠃    ᠳᠡᠯᠡᠬᠡᠶ ᠶᠢᠨ ᠬᠠᠮᠤᠭ ᠤᠨ ᠶᠡᠭᠡ ᠴᠡᠪᠡᠷ ᠡᠨᠧᠷᠭᠢ ᠶᠢᠨ ᠬᠤᠩᠭᠢᠯ ᠪᠣᠯ ᠬᠥᠬᠡᠮᠥ᠋ᠷᠡᠨ ᠤ ᠭᠤᠤᠯ ᠤᠷᠤᠰᠬᠠᠯ ᠪᠣᠯᠬᠤ ᠦ᠋ ᠳ᠋ᠦᠩ ᠳᠤ᠂ ᠪᠠᠶ ᠾᠧ ᠲᠠᠨ᠂ ᠰᠢ ᠯᠦᠸᠧ ᠳ᠋ᠦ᠋᠂ ᠰᠢᠶᠠᠩ ᠵᠢᠶᠠ ᠪᠠ᠂ ᠭᠤᠷᠪᠠᠨ ᠬᠠᠪᠴᠢᠯ ᠪᠣᠯᠤᠨ ᠭᠧ ᠵᠧᠤ ᠪᠠ ᠵᠡᠷᠭᠡ ᠵᠢᠷᠭᠤᠭᠠᠨ ᠱᠠᠳᠤᠯᠢᠭ ᠲᠠᠰ ᠤᠨ ᠥᠷᠲᠡᠭᠡ ᠪᠠᠷ ᠪᠦᠷᠢᠯᠳᠦᠵᠦ᠂ 2022 ᠣᠨ ᠤ 12 ᠰᠠᠷ᠎ᠠ ᠶᠢᠨ 20᠎ ᠤ ᠡᠳᠦᠷ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠪᠠ᠃ ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ᠂ ᠬᠦᠬᠡᠮᠦ᠋ᠷᠡᠨ ᠤ ᠭᠤᠷᠪᠠᠨ ᠬᠠᠪᠴᠢᠯ ᠪᠦᠯᠦᠭᠯᠡᠯ ᠤᠨ ᠬᠠᠷᠢᠶ᠎ᠠ ᠬᠥᠬᠡᠮᠥ᠋ᠷᠡᠨ ᠤ ᠴᠠᠬᠢᠯᠭᠠᠨ ᠬᠦᠴᠦᠨ ᠤ ᠺᠤᠮᠫᠠᠨᠢ ︽ᠠᠵᠤ ᠦᠢᠯᠡᠳᠪᠦᠷᠢ ᠶᠢᠨ ᠶᠡᠭᠡ ᠲᠠᠷᠢᠬᠢ︾ ᠢᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ᠂ ᠣᠶᠤᠨᠴᠢ ᠪᠠᠷ ᠠᠵᠢᠯᠯᠠᠭᠤᠯᠵᠤ ᠬᠠᠮᠠᠭᠠᠯᠠᠬᠤ᠂ ᠣᠶᠤᠨᠴᠢ ᠪᠠᠷ ᠪᠠᠶᠢᠴᠠᠭᠠᠨ ᠵᠠᠰᠠᠬᠤ᠂ ᠣᠶᠤᠨᠴᠢ ᠪᠠᠷ ᠲᠣᠬᠢᠷᠠᠭᠤᠯᠬᠤ᠂ ᠣᠶᠤᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠪᠥᠬᠦ ᠲᠤᠬᠠᠶᠢᠯᠠᠭᠰᠠᠨ ᠠᠵᠢᠯ ᠤᠨ ᠪᠠᠶᠢᠳᠠᠯ ᠳᠤ ᠬᠦᠨᠵᠡᠭᠡᠢ ᠬᠦᠴᠦᠨ ᠴᠢᠳᠠᠯ ᠤᠯᠭᠤᠵᠤ᠂ ᠲᠥᠬᠦᠭᠡᠷᠦᠮᠵᠢ ᠶᠢ ᠣᠶᠤᠨᠴᠢ ᠪᠠᠷ ᠠᠵᠢᠯᠯᠠᠭᠤᠯᠵᠤ ᠬᠠᠮᠠᠭᠠᠯᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠨᠢᠭᠡ ᠦᠶ᠎ᠡ ᠶᠢᠨ ᠤᠰᠤᠨ ᠴᠠᠬᠢᠯᠭᠠᠨ ᠤ ᠥᠷᠲᠡᠭᠡ ᠶᠢᠨ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃    ︽ᠰᠠᠪᠠ ᠭᠠᠵᠠᠷ ᠤᠨ ᠲᠣᠮᠣ ᠬᠡᠯᠪᠡᠷᠢ ᠶᠢᠨ ᠴᠠᠬᠢᠯᠭᠠᠨ ᠥᠷᠲᠡᠭᠡᠨ ᠤ ᠪᠦᠯᠦᠭᠵᠢᠯ ᠤᠨ ᠡᠵᠡᠩᠨᠡᠯᠲᠡ ᠶᠢᠨ ᠲᠣᠬᠢᠷᠠᠭᠤᠯᠤᠯᠲᠠ ᠨᠢ ︿ᠤᠰᠤ᠂ ᠮᠠᠰᠢᠨ᠂ ᠴᠠᠬᠢᠯᠭᠠᠨ﹀ ᠵᠡᠷᠭᠡ ᠣᠯᠠᠨ ᠭᠤᠭᠴᠤᠭ᠎ᠠ ᠳᠤ ᠬᠤᠯᠪᠣᠭᠳᠠᠵᠤ᠂ ᠬᠡᠪᠴᠢᠶ᠎ᠡ ᠨᠢ ᠯᠤᠲᠤ ᠶᠡᠭᠡ᠂ ᠴᠠᠭ ᠬᠤᠭᠤᠴᠠᠭ᠎ᠠ ᠣᠷᠣᠨ ᠵᠠᠶ ᠨᠢ ᠬᠤᠪᠢᠷᠠᠯᠲᠠ ᠶᠡᠬᠡᠲᠡᠶ᠂ ᠣᠷᠣᠨ ᠪᠦᠰᠡ ᠠᠯᠤᠰᠯᠠᠵᠤ ᠰᠦᠯᠵᠢᠶ᠎ᠡ ᠠᠯᠤᠰᠯᠠᠵᠤ᠂ ᠪᠦᠲᠦᠴᠡ ᠨᠢ ᠪᠤᠳᠤᠯᠢᠶᠠᠨᠲᠠᠶ ᠪᠠᠶᠢᠳᠠᠭ︾᠃ ᠬᠥᠬᠡᠮᠥ᠋ᠷᠡᠨ ᠤ ᠴᠠᠬᠢᠯᠭᠠᠨ ᠬᠦᠴᠦᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠲᠠᠩ ᠵᠧᠩ ᠶᠠᠩ᠂ ︽ᠵᠢᠷᠭᠤᠭᠠᠨ ᠰᠠᠭᠤᠷᠢ ᠱᠠᠲᠤᠯᠢᠭ ᠳᠡᠰ ᠤᠨ ᠴᠠᠬᠢᠯᠭᠠᠨ ᠥᠷᠲᠡᠭᠡ ᠶᠢ ᠪᠥᠬᠦ ᠲᠠᠯ᠎ᠠ ᠪᠠᠷ ᠬᠠᠮᠵᠢᠯᠴᠠᠨ ᠰᠢᠯᠢᠳᠡᠭᠵᠢᠭᠦᠯᠬᠦ ᠪᠣᠯ ᠳᠡᠯᠡᠬᠡᠶ ᠶᠢᠨ ᠲᠠᠰ ᠤᠨ ᠬᠦᠴᠢᠷ ᠠᠰᠠᠭᠤᠳᠠᠯ ᠪᠣᠯᠤᠨ᠎ᠠ᠂ ᠡᠶᠢᠮᠦ ᠠᠴᠠ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ ᠶᠢᠨ ᠵᠠᠭᠪᠤᠷ ᠵᠡᠷᠭᠡ ᠲᠡᠷᠢᠭᠦᠨ ᠤ ᠮᠡᠷᠭᠡᠵᠢᠯ ᠳᠤ ᠲᠦᠰᠢᠭᠯᠡᠨ᠂ ᠤᠰᠤᠨ ᠴᠠᠬᠢᠯᠭᠠᠨ ᠤ ︿ᠠᠵᠤ ᠦᠢᠯᠡᠳᠪᠦᠷᠢ ᠶᠢᠨ ᠶᠡᠭᠡ ᠲᠠᠷᠢᠬᠢ﹀ ᠢᠢ ᠪᠠᠶᠢᠭᠤᠯᠬᠤ ᠬᠡᠷᠡᠭᠲᠡᠶ︾ ᠭᠡᠪᠡ᠃    ︽︿ᠠᠵᠤ ᠦᠢᠯᠡᠳᠪᠦᠷᠢ ᠶᠢᠨ ᠶᠡᠭᠡ ᠲᠠᠷᠢᠬᠢ﹀᠎ ᠶᠢ ᠰᠠᠪᠠ ᠭᠠᠵᠠᠷ ᠤᠨ ᠴᠠᠬᠢᠯᠭᠠᠨ ᠥᠷᠲᠡᠭᠡᠨ ᠤ ᠪᠦᠯᠦᠭᠵᠢᠯ ᠳᠤ ᠬᠡᠷᠡᠭᠯᠡᠭᠰᠡᠨ ᠤ ᠳᠠᠷᠠᠭ᠎ᠠ᠂ ᠴᠠᠬᠢᠯᠭᠠᠨ ᠥᠷᠲᠡᠭᠡᠨ ᠤ ᠡᠵᠡᠩᠨᠡᠯᠲᠡ ᠶᠢᠨ ᠦᠷ᠎ᠡ ᠪᠦᠲᠦᠮᠵᠢ᠂ ᠠᠵᠢᠯᠯᠠᠭᠠᠨ ᠤ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠶᠡᠭᠡ ᠪᠠᠷ ᠳᠡᠭᠡᠭᠰᠢᠯᠡᠵᠦ᠂ ᠰᠠᠪᠠ ᠭᠠᠵᠠᠷ ᠤᠨ ᠴᠠᠬᠢᠯᠭᠠᠨ ᠥᠷᠲᠡᠭᠡᠨ ᠤ ᠡᠵᠡᠩᠨᠡᠯᠲᠡ ᠶᠢᠨ ᠥᠪᠡᠷ ᠤᠨ ᠥᠷᠲᠡᠭ ᠡᠳᠦᠶ ᠲᠡᠳᠦᠶ ᠪᠠᠭᠤᠷᠠᠵᠤ᠂ ᠣᠶᠤᠨᠴᠢ ᠬᠡᠷᠡᠭᠯᠡᠭᠡ ᠶᠢ ᠨᠡᠭᠡᠭᠡᠨ ᠬᠥᠭᠵᠢᠭᠦᠯᠬᠦ ᠦᠶᠡᠯᠡᠯ ᠤᠨ ᠬᠤᠭᠤᠴᠠᠭ᠎ᠠ ᠶᠡᠭᠡ ᠪᠠᠷ ᠪᠣᠭᠤᠨᠢᠰᠪᠠ︾᠃ ᠬᠥᠬᠡᠮᠥ᠋ᠷᠡᠨ ᠤ ᠴᠠᠬᠢᠯᠭᠠᠨ ᠬᠦᠴᠦᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ ᠯᠢ ᠵᠢᠦ ᠫᠢᠩ᠂ ᠰᠤᠳᠤᠯᠭᠠᠨ ᠤ ᠲᠥᠪ ᠡᠭᠦᠨ ᠢᠶᠠᠷ ᠰᠠᠭᠤᠷᠢ ᠪᠣᠯᠭᠠᠵᠤ᠂ ᠤᠰᠤᠨ ᠴᠠᠬᠢᠯᠭᠠᠨ ᠤ ᠳᠤᠭᠠᠴᠢᠯᠠᠯᠳᠠ ᠳᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠦᠷᠭᠦᠯᠵᠢᠯᠡᠨ ᠰᠦᠪᠡᠭᠴᠢᠯᠡᠨ ᠦᠢᠯᠡᠳᠦᠯᠭᠡᠵᠢᠭᠦᠯᠦᠨ᠎ᠡ ᠭᠡᠵᠦ ᠢᠯᠡᠳᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号